| ᠲᠦᠷᠦᠭᠦᠬᠡᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢᠨ | ᠨᠢᠭᠡᠳᠦᠭᠡᠷ ᠱᠦᠵᠢ ᠸᠠᠨ ᠴᠤᠸ ᠴᠢ ᠴᠡᠷᠢᠭ ᠤᠨ ᠬᠤᠪᠢᠶᠠᠷᠢ ᠲᠣᠭᠤᠷᠢᠭ ᠲᠤ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠵᠤ᠂ ᠬᠤᠪᠢᠶᠠᠷᠢ ᠲᠣᠭᠤᠷᠢᠭ ᠤᠨ ᠠᠵᠢᠯ | ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠣᠶᠢᠯᠠᠭᠠᠭᠰᠠᠨ ᠪᠥᠭᠡᠳ ᠬᠤᠪᠢᠶᠠᠷᠢ ᠲᠣᠭᠤᠷᠢᠭ | ᠪᠠ ᠤᠯᠠᠭᠠᠨᠬᠠᠳᠠ ᠳᠤ ᠰᠠᠭᠤᠭ᠎ᠠ ᠴᠡᠷᠢᠭ ᠠᠩᠭᠢ ᠶᠢᠨ ᠥᠷᠭᠡᠨ ᠣᠯᠠᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠲᠣᠬᠤᠨᠢᠭᠤᠯᠤᠯ ᠬᠦᠷᠭᠡᠪᠡ᠃ | ᠬᠤᠪᠢᠶᠠᠷᠢ ᠲᠣᠭᠤᠷᠢᠭ ᠤᠨ ᠪᠠᠶᠢᠭᠤᠯᠤᠯᠭ᠎ᠠ ᠳᠤ᠂ ᠸᠠᠨ ᠴᠤᠤ ᠴᠢ ᠳᠠᠷᠤᠭ᠎ᠠ ᠪᠠᠶᠢᠯᠳᠤᠭᠴᠢᠳ ᠤᠨ ᠠᠵᠢᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ | ᠬᠤᠪᠢᠶᠠᠷᠢ ᠲᠣᠭᠤᠷᠢᠭ ᠵᠢᠴᠢ ᠵᠡᠪᠰᠡᠭᠲᠦ ᠴᠠᠭᠳᠠᠭ᠎ᠠ ᠶᠢᠨ ᠤᠯᠠᠭᠠᠨᠬᠠᠳᠠ ᠶᠢᠨ ᠰᠠᠯᠪᠤᠷᠢ ᠠᠩᠭᠢ ᠶᠢᠨ ᠤᠳᠤᠷᠢᠳᠤᠯᠭ᠎ᠠ᠂ ᠬᠤᠪᠢᠶᠠᠷᠢ ᠲᠣᠭᠤᠷᠢᠭ ᠤᠨ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠬᠤ ᠬᠤᠷᠠᠯ ᠬᠢᠵᠦ᠂ ᠪᠦᠬᠦ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ | ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠢᠶᠠᠷ ᠲᠣᠭᠲᠠᠭᠠᠭᠰᠠᠨ ᠬᠡᠷᠡᠭ | ᠶᠠᠪᠤᠳᠠᠯ ᠢ ᠰᠢᠢᠳᠪᠦᠷᠢᠯᠡᠭᠰᠡᠨ ᠠᠬᠢᠴᠠ ᠪᠠ ᠬᠠᠮᠢᠶ᠎ᠠ ᠪᠦᠬᠦᠢ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠬᠢᠨᠠᠮᠠᠭᠠᠢ ᠣᠶᠢᠯᠠᠭᠠᠨ᠂ ᠴᠡᠷᠢᠭ ᠠᠩᠭᠢ ᠶᠢᠨ | ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠠᠰᠠᠭᠤᠨ ᠯᠠᠪᠯᠠᠵᠤ᠂ ᠬᠤᠲᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠰᠢᠭᠤ ᠰᠢᠶᠠᠨ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ | ᠲᠣᠭᠲᠠᠴᠠ ᠶᠢ ᠲᠡᠭᠦᠯᠳᠡᠷᠵᠢᠭᠦᠯᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠤᠨ ᠶᠡᠭᠡ ᠲᠠᠯ᠎ᠠ ᠳᠤ | ᠨᠠᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯ ᠳᠤ ᠣᠷᠣᠯᠴᠠᠭᠰᠠᠳ ᠪᠠᠰᠠ ᠬᠤᠪᠢᠶᠠᠷᠢ ᠲᠣᠭᠤᠷᠢᠭ ᠤᠨ ᠴᠡᠷᠢᠭ ᠤᠨ ᠲᠡᠦᠬᠡ ᠶᠢᠨ ᠤᠷᠳᠤ | ᠬᠤᠩᠭᠢᠯ ᠢ ᠲᠣᠭᠤᠷᠢᠨ ᠦᠵᠡᠵᠦ᠂ ᠤᠯᠠᠭᠠᠨᠬᠠᠳᠠ ᠣᠷᠣᠨ ᠤ ᠢᠷᠠᠭᠤ ᠠᠯᠳᠠᠷᠲᠤ ᠬᠤᠪᠢᠰᠬᠠᠯ ᠤᠨ ᠲᠡᠦᠬᠡ ᠶᠢ ᠬᠠᠮᠲᠤᠪᠠᠷ ᠡᠷᠭᠢᠴᠡᠭᠦᠯᠪᠡ᠃ | ᠸᠠᠨ ᠴᠤᠤ ᠴᠢ᠂ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠪᠢ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠪᠣᠯᠣᠨ | ᠤᠯᠠᠭᠠᠨᠬᠠᠳᠠ ᠳᠤ ᠰᠠᠭᠤᠭ᠎ᠠ ᠴᠡᠷᠢᠭ ᠠᠩᠭᠢ ᠶᠢᠨ ᠥᠷᠭᠡᠨ ᠤᠯᠠᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠤᠯᠠᠨ ᠤ | ᠤᠷᠳᠤ ᠬᠤᠭᠤᠴᠠᠭᠠᠨ ᠤ ᠲᠤᠷᠰᠢ ᠤᠯᠠᠭᠠᠨᠬᠠᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ | ᠢᠯᠡᠳᠬᠡᠶ᠎ᠡ᠃ ᠣᠯᠠᠨ ᠢᠶᠠᠷ ᠢᠶᠠᠨ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ᠂ ᠪᠦᠬᠦ ᠴᠡᠷᠢᠭ ᠤᠨ ᠨᠠᠮ ᠤᠨ ᠪᠠᠶᠢᠭᠤᠯᠤᠯᠲᠠ ᠶᠢᠨ ᠬᠤᠷᠠᠯ ᠳᠠᠬᠢ ᠴᠢᠬᠤᠯᠠ ᠵᠢᠭᠠᠪᠤᠷᠢ ᠪᠠ ᠥᠪᠥᠷ ᠮᠣᠩᠭᠤᠯ ᠳᠤ ᠬᠢᠯᠢ ᠶᠢᠨ | ᠬᠠᠮᠢᠶᠠᠷᠤᠯᠲᠠ ᠡᠵᠡᠮᠳᠡᠯ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠴᠡᠷᠢᠭ ᠢᠶᠠᠨ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠳᠤ ᠠᠩᠬᠠᠷᠤᠯ ᠢᠶᠠᠨ | ᠲᠥᠪᠯᠡᠷᠡᠭᠦᠯᠦᠨ᠂ ᠢᠯᠠᠯᠲᠠ ᠣᠯᠬᠤ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠶᠢ ᠪᠠᠷᠢᠮᠲᠠᠯᠠᠨ᠂ | ᠣᠷᠣᠨ ᠨᠤᠲᠤᠭ ᠤᠨ ᠬᠥᠭᠵᠢᠯᠲᠡ ᠳᠤ ᠢᠳᠡᠪᠬᠢᠲᠡᠢ ᠦᠢᠯᠡᠴᠢᠯᠡᠵᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠠᠭᠤᠰᠤᠯᠴᠠᠨ ᠬᠥᠭᠵᠢᠬᠦ ᠰᠢᠨ᠎ᠡ | ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ | ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠵᠢᠴᠢ ᠤᠯᠠᠭᠠᠨᠬᠠᠳᠠ ᠳᠤ ᠰᠠᠭᠤᠭ᠎ᠠ ᠡᠯ᠎ᠡ | ᠴᠡᠷᠢᠭ ᠠᠩᠭᠢ ᠶᠢᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠬᠤᠶᠠᠷ ᠢ ᠬᠦᠷᠢᠶᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠶᠠᠷ ᠢ | ᠬᠦᠷᠢᠶᠡᠯᠡᠬᠦ ᠵᠢᠱᠢᠶᠡᠴᠢ ᠬᠤᠳᠠ ᠶᠢᠨ ᠢᠷᠠᠭᠤ ᠠᠯᠳᠠᠷ ᠢ ᠰᠠᠶᠢᠲᠤᠷ ᠬᠠᠮᠠᠭᠠᠯᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ | ᠳᠠᠰᠤᠷᠠᠯᠳᠠ ᠦᠭᠡᠢ ᠪᠠᠬᠢᠵᠢᠭᠦᠯᠦᠨ᠎ᠡ ᠭᠡᠪᠡ᠃ | ᠴᠡᠷᠢᠭ ᠤᠨ ᠬᠤᠪᠢᠶᠠᠷᠢ ᠲᠣᠭᠤᠷᠢᠭ ᠤᠨ ᠺᠤᠮᠠᠨᠳᠠᠯᠠᠭᠴᠢ ᠾᠥᠸᠧ ᠵᠧᠨ ᠭᠦᠸᠧ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠦᠷᠦ ᠶᠢᠨ ᠭᠡᠰᠢᠭᠦᠨ ᠸᠠᠩ ᠬᠤᠩ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠨᠠᠷᠢᠨ ᠪᠢᠴᠢᠭ ᠤᠨ ᠳᠠᠷᠤᠭ᠎ᠠ ᠮᠧᠩ ᠰᠢᠶᠣᠣ ᠪᠢᠩ᠂ ᠬᠤᠳᠠ ᠶᠢᠨ ᠳᠡᠳ᠋ ᠳᠠᠷᠤᠭ᠎ᠠ ᠵᠤᠤ ᡁᠢ ᠭᠠᠩ᠂ ᠴᠡᠷᠢᠭ ᠤᠨ ᠬᠤᠪᠢᠶᠠᠷᠢ ᠲᠣᠭᠤᠷᠢᠭ ᠤᠨ ᠳᠡᠳ᠋ ᠺᠤᠮᠠᠨᠳᠠᠯᠠᠭᠴᠢ | ᠵᠠᠩ ᠷᠦᠩ ᠦ᠋᠂ ᠵᠡᠪᠰᠡᠭᠲᠦ ᠴᠠᠭᠳᠠᠭ᠎ᠠ ᠶᠢᠨ ᠤᠯᠠᠭᠠᠨᠬᠠᠳᠠ ᠶᠢᠨ ᠰᠠᠯᠪᠤᠷᠢ ᠠᠩᠭᠢ ᠶᠢᠨ ᠭᠤᠣᠯ ᠬᠠᠷᠢᠭᠤᠴᠠᠯᠭᠠᠲᠠᠨ᠂ ᠬᠤᠳᠠ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠠᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠠᠷ ᠲᠣᠬᠤᠨᠢᠭᠤᠯᠬᠤ ᠠᠵᠢᠯᠯᠠᠭᠠᠨ ᠳᠤ ᠣᠷᠣᠯᠴᠠᠪᠠ᠃ | | | |