︽ᠪᠥᠬᠦ ᠬᠤᠲᠠ ᠶᠢᠨ ᠭᠤᠤᠯᠳᠠᠯᠭ᠎ᠠ ᠲᠠᠢ 5G ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/4
     ᠨᠢᠭᠡ᠂ ᠨᠡᠶᠢᠲᠡᠯᠡᠭᠰᠡᠨ ᠠᠬᠤᠶ ᠪᠠᠶᠢᠳᠠᠯ      ︽ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 33 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠭᠤᠤᠯᠳᠠᠯᠭ᠎ᠠ ᠲᠠᠢ ᠲᠠᠯᠠᠪᠤᠷ ᠭᠠᠵᠠᠷ ᠤᠨ 5G ᠰᠦᠯᠵᠢᠶᠡᠨ ᠤ ᠳᠣᠬᠢᠶ᠎ᠠ ᠶᠢᠨ ᠪᠦᠷᠬᠦᠴᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠬᠢᠨᠠᠨ ᠵᠥᠪᠰᠢᠶᠡᠷᠡᠬᠦ᠂ ᠨᠥᠬᠦᠪᠥᠷᠢᠯᠡᠬᠦ ᠵᠡᠷᠭᠡ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠬᠠᠰᠤᠵᠤ ᠭᠡᠯᠳᠦᠷᠢᠭᠦᠯᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠣᠨᠴᠠᠭᠠᠶᠢᠯᠠᠨ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠪᠠ᠃      ᠬᠤᠶᠠᠷ᠂ ᠭᠦᠢᠴᠡᠳᠬᠡᠬᠦ ᠬᠤᠭᠤᠴᠠᠭ᠎ᠠ      ︽ᠮᠡᠳᠡᠭᠳᠡᠯ︾ ᠢ ᠨᠡᠶᠢᠲᠡᠯᠡᠭᠰᠡᠨ ᠡᠳᠦᠷ ᠠᠴᠠ ᠡᠬᠢᠯᠡᠨ 2023 ᠣᠨ ᠤ ᠡᠴᠦᠰ ᠪᠣᠯᠲᠠᠯ᠎ᠠ ᠬᠡᠷᠡᠭᠵᠢᠭᠦᠯᠦᠨ᠎ᠡ᠃      ᠭᠤᠷᠪᠠ᠂ ᠭᠤᠣᠯ ᠠᠭᠤᠯᠭ᠎ᠠ      ︽ᠮᠡᠳᠡᠭᠳᠡᠯ︾ ᠳᠤ ᠭᠤᠤᠯᠳᠠᠯᠭ᠎ᠠ ᠲᠠᠢ ᠡᠭᠦᠷᠭᠡ ᠬᠠᠷᠠᠯᠲᠠ᠂ ᠠᠵᠢᠯ ᠤᠨ ᠱᠠᠭᠠᠷᠳᠠᠯᠭ᠎ᠠ ᠵᠡᠷᠭᠡ 2 ᠬᠡᠰᠡᠭ ᠢ ᠪᠠᠭᠲᠠᠭᠠᠪᠠ᠃      ᠭᠤᠣᠯᠳᠠᠯᠭ᠎ᠠ ᠲᠠᠢ ᠡᠭᠦᠷᠭᠡ ᠬᠠᠷᠠᠯᠲᠠ᠃ 2023 ᠣᠨ ᠤ ᠡᠴᠦᠰ ᠪᠣᠯᠲᠠᠯ᠎ᠠ 145 ᠭᠤᠤᠯᠳᠠᠯᠭ᠎ᠠ ᠲᠠᠢ ᠲᠠᠯᠠᠪᠤᠷ ᠭᠠᠵᠠᠷ ᠤᠨ 5G ᠰᠦᠯᠵᠢᠶ᠎ᠡ ᠶᠢ ᠪᠦᠷᠬᠦᠭᠦᠯᠬᠦ ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠡᠭᠦᠨ ᠳᠤ᠂ ᠪᠠᠶᠢᠭᠤᠯᠭ᠎ᠠ ᠨᠢᠭᠡᠴᠡ ᠶᠢᠨ 5G ᠰᠠᠭᠤᠷᠢ ᠥᠷᠲᠡᠭᠡ 44᠂ ᠭᠤᠤᠯᠳᠠᠯᠭ᠎ᠠ ᠲᠠᠢ ᠡᠮᠨᠡᠯᠭᠡ ᠶᠢᠨ ᠬᠤᠷᠢᠶ᠎ᠠ ᠶᠢᠨ 5G ᠰᠠᠭᠤᠷᠢ ᠥᠷᠲᠡᠭᠡ 29᠂ ᠭᠤᠤᠯᠳᠠᠯᠭ᠎ᠠ ᠲᠠᠢ ᠰᠤᠷᠭᠠᠭᠤᠯᠢ ᠶᠢᠨ ᠬᠦᠷᠢᠶᠡᠨ ᠤ 5G ᠰᠠᠭᠤᠷᠢ ᠥᠷᠲᠡᠭᠡ 12᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ 5G ᠰᠠᠭᠤᠷᠢ ᠥᠷᠲᠡᠭᠡ 12᠂ ᠵᠠᠮ ᠬᠠᠷᠢᠯᠴᠠᠭᠠᠨ ᠤ ᠬᠦᠢᠰᠦ ᠶᠢᠨ 5G ᠰᠠᠭᠤᠷᠢ ᠥᠷᠲᠡᠭᠡ 12᠂ ᠣᠯᠠᠨ ᠨᠡᠶᠢᠲᠡ ᠶᠢᠨ ᠲᠥᠬᠦᠭᠡᠷᠦᠮᠵᠢ ᠵᠢᠴᠢ ᠲᠠᠯᠠᠪᠤᠷ ᠭᠠᠵᠠᠷ ᠤᠨ 5G ᠰᠠᠭᠤᠷᠢ ᠥᠷᠲᠡᠭᠡ 36 ᠪᠣᠶ᠃     ᠠᠵᠢᠯ ᠤᠨ ᠱᠠᠭᠠᠷᠳᠠᠯᠭ᠎ᠠ᠃ ᠲᠣᠰ ᠬᠡᠰᠡᠭ ᠲᠤ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠢ ᠬᠠᠤᠯᠢ ᠶᠣᠰᠣᠭᠠᠷ ᠨᠡᠭᠡᠭᠡᠬᠦ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠬᠤ ᠵᠡᠷᠭᠡ 3 ᠲᠠᠯ᠎ᠠ ᠶᠢ ᠪᠠᠭᠲᠠᠭᠠᠵᠤ᠂ ᠡᠯ᠎ᠡ ᠬᠠᠷᠢᠭᠤᠴᠠᠯᠭ᠎ᠠ ᠶᠢᠨ ᠭᠤᠤᠯ ᠴᠣᠭᠴᠠ ᠨᠢᠭᠲᠠ ᠬᠠᠮᠵᠢᠯᠴᠠᠨ᠂ ᠢᠳᠡᠪᠬᠢᠲᠡᠶ ᠳᠡᠮᠵᠢᠵᠦ᠂ ᠲᠠᠯᠠᠪᠤᠷ ᠲᠤ ᠣᠷᠣᠵᠤ ᠠᠵᠢᠯ ᠬᠢᠭᠦ ᠵᠥᠪᠰᠢᠶᠡᠷᠡᠯ ᠬᠠᠩᠭᠠᠵᠤ᠂ ᠠᠵᠢᠯ ᠬᠢᠬᠦ ᠲᠥᠬᠦᠮ ᠨᠥᠬᠦᠴᠡᠯ ᠢ ᠡᠭᠦᠳᠬᠦ ᠬᠡᠷᠡᠭᠲᠡᠶ ᠭᠡᠵᠦ ᠱᠠᠭᠠᠷᠳᠠᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠥᠲᠥᠭᠡᠨ ᠪᠠᠶᠢᠭᠤᠯᠬᠤ ᠨᠢᠭᠡᠴᠡ ᠲᠠᠢ ᠢᠳᠡᠪᠬᠢᠲᠡᠶ ᠬᠠᠮᠵᠢᠯᠴᠠᠨ 5G ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢᠨ ᠭᠠᠵᠠᠷ ᠰᠣᠩᠭᠤᠬᠤ ᠵᠢᠴᠢ ᠠᠵᠢᠯ ᠬᠢᠬᠦ ᠶᠢ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ 5G ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠵᠢᠴᠢ ᠪᠥᠲᠥᠭᠡᠨ ᠪᠠᠶᠢᠭᠤᠯᠵᠤ ᠠᠵᠢᠯ ᠡᠬᠢᠯᠡᠭᠦᠯᠬᠦ ᠭᠠᠷᠳᠠᠮ ᠢ ᠳᠥᠭᠦᠮᠴᠢᠯᠡᠬᠦ ᠪᠤᠶᠤ ᠬᠠᠰᠤᠵᠤ ᠬᠡᠯᠲᠦᠷᠢᠭᠦᠯᠦᠨ᠎ᠡ︔ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠠᠷᠢᠶᠠᠨ ᠳᠠᠬᠢ ᠣᠷᠣᠨ ᠪᠦᠰᠡ ᠶᠢᠨ ᠣᠯᠠᠨ ᠨᠡᠶᠢᠲᠡ ᠶᠢᠨ ᠭᠠᠵᠠᠷ ᠰᠢᠷᠣᠶ᠂ ᠣᠷᠣᠨ ᠵᠠᠶ ᠶᠢᠨ ᠡᠬᠢ ᠪᠠᠶᠠᠯᠢᠭ ᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ 5G ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠲᠥᠯᠥᠪᠦᠷᠢ ᠥᠬᠡᠶ ᠪᠠᠷ ᠨᠡᠭᠡᠭᠡᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠮᠠᠭᠠᠶ ᠰᠤᠳᠤᠯᠵᠤ᠂ ᠰᠠᠭᠤᠷᠢ ᠥᠷᠲᠡᠭᠡ ᠶᠢ ᠪᠦᠲᠦᠭᠡᠨ ᠪᠠᠶᠢᠭᠤᠯᠬᠤ ᠶᠠᠪᠤᠴᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠳᠤ ᠨᠡᠶᠢᠴᠡᠬᠦ ᠬᠢᠨᠠᠨ ᠵᠥᠪᠰᠢᠶᠡᠷᠡᠬᠦ᠂ ᠨᠥᠬᠦᠪᠥᠷᠢᠯᠡᠬᠦ ᠵᠡᠷᠭᠡ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠬᠠᠰᠤᠵᠤ ᠬᠡᠯᠲᠦᠷᠢᠭᠦᠯᠬᠦ ᠬᠡᠷᠡᠭᠲᠡᠶ︔ ᠬᠤᠲᠠ ᠶᠢᠨ ᠴᠢᠮᠡᠭᠡ ᠬᠤᠯᠪᠣᠭᠠᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ ᠨᠢ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠤᠯᠠᠭᠠᠨᠬᠠᠳᠠ ᠬᠤᠲᠠ ᠶᠢᠨ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠠᠮᠲᠤᠷᠠᠭᠰᠠᠨ ᠬᠤᠷᠠᠯ ᠳᠤ ᠠᠵᠢᠯ ᠤᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠬᠦᠨᠳᠦ ᠨᠣᠴᠢᠲᠠᠶ ᠨᠥᠯᠥᠭᠡᠯᠡᠭᠰᠡᠨ ᠨᠢᠭᠡᠴᠡ ᠶᠢ ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠵᠠᠷᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ