| ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ 38 ᠰᠠᠯᠠᠭ᠎ᠠ ᠮᠥᠴᠢᠷ ᠤᠨ 1577 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦᠨ ᠢ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠭᠤᠯᠵᠤ᠂ ᠳ᠋ᠠᠶᠢᠲ᠋ᠠ ᠶᠢ ᠢᠯᠡᠭᠦᠦ ᠭᠦᠶᠦᠯᠭᠡᠵᠦ᠂ ᠣᠯᠠᠨ ᠲᠦᠮᠡᠨ ᠢ | ᠳᠤᠲᠠᠭᠤ ᠭᠦᠶᠦᠯᠭᠡᠬᠦ ᠶᠢ ᠪᠡᠶᠡᠯᠡᠭᠦᠯᠪᠡ᠃ | ᠵᠢᠯ ᠡᠬᠢᠯᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠤ ᠠᠬᠤᠶᠢᠯᠠᠯ ᠪᠠ ᠣᠯᠠᠨ | ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠭᠰᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠠᠷᠠᠳ ᠤᠨ ᠰᠠᠨᠠᠭ᠎ᠠ ᠶᠢ ᠣᠶᠢᠯᠠᠭᠠᠵᠤ ᠠᠷᠠᠳ ᠤᠨ | ᠵᠣᠪᠠᠨᠢᠯ ᠢ ᠠᠷᠢᠯᠭᠠᠵᠤ ᠠᠷᠠᠳ ᠤᠨ ᠠᠮᠢᠳᠤᠷᠠᠯ ᠢ ᠲᠤᠰᠠᠯᠠᠵᠤ ᠠᠷᠠᠳ ᠤᠨ ᠰᠡᠳᠬᠢᠯ ᠢ ᠳᠤᠯᠠᠭᠠᠴᠠᠭᠤᠯᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠲᠦᠷᠭᠡᠨ ᠢᠯᠡᠭᠡᠯᠲᠡ ᠶᠢᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ᠂ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠲᠦᠷ ᠡᠵᠡᠯᠡᠨ ᠬᠡᠷᠡᠭᠯᠡᠬᠦ ᠶᠢ ᠬᠢᠨᠠᠨ | ᠵᠥᠪᠰᠢᠶᠡᠷᠡᠬᠦ ᠵᠡᠷᠭᠡ 300 ᠰᠢᠬᠠᠮ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠣᠷᠣᠵᠤ ᠰᠠᠭᠤᠬᠤ ᠶᠢ ᠤᠷᠢᠳ ᠬᠤᠵᠢᠳ ᠠᠬᠢᠭᠤᠯᠪᠠ᠃ | ᠡᠭᠦᠨ ᠤ ᠬᠠᠮᠲᠤ᠂ ᠲᠣᠰ ᠲᠣᠪᠴᠢᠶ᠎ᠠ ᠠᠴᠠ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠪᠠ ᠣᠯᠠᠨ | ᠲᠦᠮᠡᠨ ᠤ ᠠᠮᠢᠳᠤᠷᠠᠯ ᠳᠤ ᠣᠶᠢᠷᠠᠲᠤᠭᠰᠠᠨ ᠥᠨᠳᠥᠷ ᠳᠠᠪᠲᠠᠮᠵᠢᠲᠤ ᠵᠦᠢᠯᠡᠰ ᠢ ᠭᠠᠷᠠᠭ ᠤᠨ ᠰᠡᠭᠦᠯᠴᠢ ᠶᠢᠨ ᠴᠠᠭ ᠢ ᠤᠷᠲᠤᠳᠬᠠᠭᠰᠠᠨ ᠦᠢᠯᠡᠴᠢᠯᠡᠭᠡᠨ ᠤ | ᠬᠡᠪᠴᠢᠶᠡᠨ ᠳᠤ ᠪᠥᠬᠦ ᠲᠠᠯ᠎ᠠ ᠪᠠᠷ ᠣᠷᠣᠭᠤᠯᠬᠤ ᠶᠢ ᠦᠷᠭᠦᠯᠵᠢᠯᠡᠨ ᠰᠢᠮᠳᠠᠭᠤᠯᠵᠤ᠂ ᠣᠲᠣ ᠪᠣᠯᠲᠠᠯ᠎ᠠ ᠪᠥᠬᠦ ᠣᠷᠣᠨ ᠳᠤ 11 ᠲᠦᠮᠡ ᠭᠠᠷᠤᠢ ᠵᠦᠢᠯ ᠤᠨ ᠴᠠᠭ ᠢ | ᠤᠷᠲᠤᠳᠬᠠᠭᠰᠠᠨ ᠦᠢᠯᠡᠴᠢᠯᠡᠭᠡ ᠶᠢ ᠨᠡᠶᠢᠲᠡᠯᠡᠵᠦ᠂ ᠨᠡᠶᠢᠲᠡ 28 ᠲᠦᠮᠡᠨ ᠬᠥᠮᠥᠨ ᠤᠳᠠᠭ᠎ᠠ ᠳᠤ ᠴᠠᠭ ᠢ ᠤᠷᠲᠤᠳᠬᠠᠭᠰᠠᠨ ᠦᠢᠯᠡᠴᠢᠯᠡᠭᠡ ᠬᠠᠩᠭᠠᠪᠠ᠃ | ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠶᠢᠨ ᠲᠥᠯᠥᠭᠡ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠰᠢᠨ᠎ᠡ ᠪᠠᠷ | ᠨᠡᠮᠡᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠥᠬᠦ ᠣᠷᠣᠨ ᠤ 12345 ᠬᠠᠯᠠᠮᠰᠢᠯ ᠤᠲᠠᠰᠤᠨ ᠤ ᠲᠠᠪᠴᠠᠩ ᠨᠢ ᠠᠵᠤ ᠠᠬᠤᠶᠢᠯᠠᠯ ᠪᠠ ᠣᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠨᠡᠶᠢᠲᠡ 300 ᠭᠠᠷᠤᠢ ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 85% ᠠᠴᠠ | ᠳᠡᠭᠡᠭᠰᠢ ᠳᠤ ᠬᠦᠷᠴᠦ᠂ ᠬᠠᠷᠢᠭᠤᠯᠠᠭᠰᠠᠨ ᠨᠣᠷᠮ᠎ᠠ 95% ᠠᠴᠠ ᠳᠡᠭᠡᠭᠰᠢ ᠳᠤ ᠬᠦᠷᠴᠦ᠂ ᠰᠢᠢᠳᠪᠦᠷᠢᠯᠡᠭᠰᠡᠨ ᠨᠣᠷᠮ᠎ᠠ ᠪᠠ ᠬᠠᠨᠤᠮᠵᠢᠲᠠᠶ ᠨᠣᠷᠮ᠎ᠠ 90% ᠠᠴᠠ | ᠳᠡᠭᠡᠭᠰᠢ ᠳᠤ ᠬᠦᠷᠴᠡᠢ᠃ | | | |