| 8 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠠᠤᠬᠠᠨ ᠬᠤᠰᠢᠭᠤᠨ ᠳᠤ ᠨᠠᠮᠤᠷ ᠤᠨ ᠤᠯᠠᠷᠢᠯ ᠤᠨ ᠠᠮᠤ | ᠪᠤᠳᠠᠭᠠᠨ ᠤ ᠦᠢᠯᠡᠳᠪᠦᠷᠢᠯᠡᠯ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠲᠠᠷᠢᠶᠠᠯᠠᠩ ᠤᠨ ᠠᠵᠢᠯ ᠢ | ᠰᠠᠶᠢᠲᠤᠷ ᠠᠳᠬᠤᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠶ︔ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠵᠤ ᠦᠢᠯᠡᠰ ᠤᠨ ᠲᠦᠷᠭᠡᠨ ᠬᠥᠭᠵᠢᠯᠲᠡ ᠶᠢ ᠭᠦᠨᠵᠡᠭᠡᠢ ᠲᠥᠯᠥᠪᠯᠡᠨ | ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠰᠢᠨ᠎ᠡ ᠰᠢᠪᠲᠤᠯᠤᠯᠲᠠ ᠶᠢ ᠲᠦᠷᠭᠡᠬᠡᠨ ᠪᠡᠶᠡᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠰᠢᠶᠠ ᠸᠠ ᠪᠠᠯᠭᠠᠰᠤ ᠶᠢᠨ ᠼᠣᠣ ᠶᠤᠸᠠᠨ ᠲᠣᠰᠬᠤᠨ᠂ ᠰᠢᠶᠠ ᠸᠠ ᠲᠣᠰᠬᠤᠨ᠂ ᠰᠢᠩ ᠯᠦᠩ ᠸᠠ ᠪᠠᠯᠭᠠᠰᠤ ᠶᠢᠨ ᠳ᠋ᠠ ᠾᠧ ᠲᠠᠷᠢᠶᠠᠯᠠᠩ ᠤᠨ ᠨᠠᠷᠢᠮᠤ | ᠲᠠᠷᠢᠬᠤ ᠰᠠᠭᠤᠷᠢᠨ ᠭᠠᠵᠠᠷ᠂ ᠪᠣᠭᠤᠲᠤ ᠲᠣᠰᠬᠤᠨ᠂ ᠨᠦᠭᠡᠲᠦ ᠪᠠᠯᠭᠠᠰᠤ ᠶᠢᠨ ᠳᠤᠮᠳᠠᠳᠤ ᠤᠯᠤᠰ ᠤᠨ ᠨᠥᠭᠡᠴᠡ ᠠᠮᠤ ᠪᠤᠳᠠᠭᠠᠨ ᠤ ᠬᠠᠮᠢᠶᠠᠷᠤᠯᠲᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠤᠯᠠᠭᠠᠨᠬᠠᠳᠠ ᠶᠢᠨ ᠰᠢᠭᠤᠳ ᠬᠠᠷᠢᠶ᠎ᠠ ᠬᠥᠮᠥᠷᠭᠡ ᠶᠢᠨ ᠠᠤᠬᠠᠨ ᠳᠠᠬᠢ ᠬᠤᠪᠢᠶᠠᠷᠢ ᠺᠣᠮᠫᠠᠨᠢ ᠶᠢᠨ ᠠᠮᠤ ᠪᠤᠳᠠᠭ᠎ᠠ | ᠨᠥᠭᠡᠴᠡᠯᠡᠬᠦ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠸᠠᠨ ᠴᠤᠤ ᠴᠢ ᠨᠠᠷᠢᠮᠤ᠂ ᠡᠷᠳᠡᠨᠢ ᠰᠢᠰᠢ ᠵᠡᠷᠭᠡ ᠠᠮᠤ ᠪᠤᠳᠠᠭ᠎ᠠ ᠶᠢᠨ | ᠲᠠᠷᠢᠮᠠᠯ ᠤᠨ ᠤᠷᠭᠤᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠠᠩ ᠬᠠᠭᠰᠠᠷᠠᠭᠠᠨ ᠤ ᠠᠮᠤ ᠪᠤᠳᠠᠭᠠᠨ ᠤ ᠦᠢᠯᠡᠳᠪᠦᠷᠢᠯᠡᠯ ᠳᠤ | ᠦᠵᠡᠭᠦᠯᠦᠭᠰᠡᠨ ᠨᠥᠯᠥᠭᠡ᠂ ᠣᠳᠣᠬᠠᠨ ᠤ ᠠᠮᠤ ᠪᠤᠳᠠᠭᠠᠨ ᠤ ᠦᠨ᠎ᠡ ᠬᠠᠩᠰᠢ ᠶᠢᠨ ᠬᠠᠨᠳᠤᠰᠢ᠂ ᠨᠠᠮᠤᠷ ᠤᠨ ᠬᠤᠷᠢᠶᠠᠯᠲᠠ ᠶᠢᠨ ᠪᠡᠯᠡᠳᠬᠡᠯ ᠪᠠ ᠠᠮᠤ ᠪᠤᠳᠠᠭ᠎ᠠ | ᠨᠥᠭᠡᠴᠡᠯᠡᠬᠦ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠠᠤᠬᠠᠨ ᠬᠤᠰᠢᠭᠤ ᠮᠠᠨ ᠤ ᠬᠤᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠶᠡᠭᠡ ᠬᠤᠰᠢᠭᠤ | ᠪᠣᠯᠤᠭᠰᠠᠨ ᠤ ᠬᠤᠪᠢ ᠳᠤ᠂ ᠠᠮᠤ ᠪᠤᠳᠠᠭᠠᠨ ᠤ ᠠᠮᠤᠷ ᠲᠦᠪᠰᠢᠨ ᠭᠡᠬᠦ ︽ᠤᠯᠤᠰ ᠭᠦᠷᠦᠨ ᠤ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠬᠠᠪᠤᠷ ᠤᠨ ᠭᠠᠩ ᠤᠨ | ᠨᠥᠯᠥᠭᠡ ᠶᠢ ᠢᠯᠡᠨ ᠳᠠᠪᠠᠵᠤ᠂ ᠠᠮᠤ ᠪᠤᠳᠠᠭ᠎ᠠ ᠶᠢᠨ ᠡᠯᠪᠡᠭ ᠬᠤᠷᠢᠶᠠᠯᠲᠠ᠂ ᠣᠯᠠᠨ ᠲᠦᠮᠡᠨ ᠤ ᠭᠠᠷᠤᠯᠲᠠ ᠪᠠ ᠣᠷᠣᠯᠭ᠎ᠠ ᠨᠡᠮᠡᠭᠳᠡᠬᠦ ᠶᠢ ᠴᠢᠷᠮᠠᠶᠢᠨ ᠪᠡᠶᠡᠯᠡᠭᠦᠯᠬᠦ | ᠬᠡᠷᠡᠭᠲᠡᠶ᠃ ᠣᠳᠣᠬᠠᠨ ᠳᠤ ᠶᠠᠭ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠬᠤᠷ ᠴᠠᠭ ᠠᠭᠤᠷ ᠤᠨ ᠬᠤᠪᠢᠷᠠᠯᠲᠠ ᠶᠢ | ᠨᠠᠷᠢᠨ ᠨᠢᠮᠪᠠᠢ ᠬᠢᠨᠠᠨ ᠬᠡᠮᠵᠢᠵᠦ᠂ ᠬᠢᠷᠠᠭᠤ ᠬᠥᠯᠳᠡᠬᠦ᠂ ᠮᠥᠨᠳᠥᠷ ᠣᠷᠣᠬᠤ᠂ ᠰᠢᠷᠦᠭᠦᠨ ᠪᠣᠷᠣᠭᠠᠨ ᠣᠷᠣᠬᠤ ᠵᠡᠷᠭᠡ ᠣᠨᠴᠠᠭᠠᠶ ᠴᠠᠭ ᠠᠭᠤᠷ ᠢ ᠴᠢᠩᠭ᠎ᠠ ᠰᠡᠷᠭᠡᠶᠢᠯᠡᠨ | ᠂ ᠵᠠᠪᠳᠤᠨ ᠬᠤᠷᠢᠶᠠᠬᠤ᠂ ᠳᠤᠯᠠᠭᠠᠨ ᠢ ᠬᠠᠮᠠᠭᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠰᠠᠶᠢᠲᠤᠷ ᠪᠡᠯᠡᠳᠬᠡᠵᠦ᠂ ᠠᠰᠢᠭ ᠥᠬᠡᠶ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠨᠠᠮᠤᠷ ᠤᠨ ᠬᠤᠷᠢᠶᠠᠯᠲᠠ ᠶᠢᠨ ᠪᠡᠯᠡᠳᠬᠡᠯ ᠢ ᠭᠦᠢᠴᠡᠳ ᠬᠢᠵᠦ᠂ ᠲᠠᠷᠢᠶᠠᠯᠠᠩ ᠤᠨ ᠮᠠᠰᠢᠨ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠠᠵᠢᠯᠲᠠᠨ ᠵᠡᠷᠭᠡ ᠡᠬᠢ ᠪᠠᠶᠠᠯᠢᠭ ᠤᠨ ᠡᠯᠧᠮᠧᠨ᠋ᠲ ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠴᠠᠭ | ᠲᠤᠬᠠᠶ ᠳᠤᠨᠢ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠶᠢ ᠳᠠᠭᠠᠵᠤ᠂ ᠬᠤᠷᠢᠶᠠᠬᠤ᠂ ᠬᠤᠳᠠᠯᠳᠤᠨ ᠠᠪᠬᠤ᠂ ᠨᠥᠭᠡᠴᠡᠯᠡᠬᠦ᠂ ᠲᠡᠭᠡᠭᠡᠪᠦᠷᠢᠯᠡᠬᠦ᠂ | ᠪᠣᠷᠣᠯᠠᠭᠤᠯᠬᠤ ᠵᠡᠷᠭᠡ ᠭᠤᠭᠴᠤᠭ᠎ᠠ ᠶᠢ ᠰᠢᠯᠤᠭᠤᠳᠬᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠮᠥᠬᠦᠯᠢᠭ ᠪᠦᠷᠢ ᠶᠢ ᠬᠥᠮᠥᠷᠭᠡ ᠳᠤ | ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠳ᠋ᠠ ᠾᠧ ᠲᠠᠷᠢᠶᠠᠯᠠᠩ ᠤᠨ ᠺᠣᠮᠫᠠᠨᠢ᠂ ᠱᠢ ᠶᠤᠸᠠᠢ ᠲᠤᠲᠤᠷᠭ᠎ᠠ ᠶᠢᠨ ᠲᠠᠷᠢᠶᠠᠨ ᠤ ᠺᠣᠮᠫᠠᠨᠢ᠂ ᠠᠤᠬᠠᠨ ᠬᠤᠰᠢᠭᠤᠨ ᠤ ᠲᠣᠨᠣᠭᠯᠠᠯ ᠦᠢᠯᠡᠳᠬᠦ ᠠᠵᠤ | ᠦᠢᠯᠡᠰ ᠤᠨ ᠬᠦᠷᠢᠶᠡᠯᠡᠩ᠂ ᠰᠢᠩ ᠭᠦ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠬᠡᠯᠪᠡᠷᠢ ᠶᠢᠨ ᠴᠠᠬᠢᠭᠤᠷ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ᠂ ᠤᠯᠠᠭᠠᠨᠬᠠᠳᠠ ᠶᠢᠨ ᠬᠤᠸᠠᠩ ᠶᠢᠨ ᠵᠢᠶ ᠯᠦᠩ ᠠᠭᠤᠷᠬᠠᠶ ᠶᠢᠨ ᠦᠢᠯᠡᠰ ᠤᠨ ᠺᠣᠮᠫᠠᠨᠢ ᠳᠤ᠂ ᠸᠠᠨ ᠴᠤᠤ ᠴᠢ ᠠᠤᠬᠠᠨ ᠬᠤᠰᠢᠭᠤᠨ ᠤ ᠠᠵᠤ | ᠦᠢᠯᠡᠰ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠠᠮᠤᠭ ᠤᠨ ᠰᠢᠨ᠎ᠡ ᠠᠬᠢᠴᠠ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ᠂ | ᠦᠢᠯᠡᠳᠬᠦᠨ ᠤ ᠴᠢᠳᠠᠮᠵᠢ᠂ ᠵᠠᠬ᠎ᠠ ᠳᠡᠯᠭᠡᠭᠦᠷ ᠤᠨ ᠢᠷᠡᠭᠡᠳᠦᠶ᠂ ᠮᠥ ᠪᠦᠷᠢ ᠶᠢᠨ ᠳᠤᠮᠳᠠᠴᠢ ᠦᠷ᠎ᠡ ᠠᠰᠢᠭ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠶᠢᠯᠠᠭᠠᠪᠠ᠃ ᠲᠡᠷᠡ ᠠᠤᠬᠠᠨ ᠬᠤᠰᠢᠭᠤᠨ ᠤ ᠡᠬᠢ | ᠪᠠᠶᠠᠯᠢᠭ ᠤᠨ ᠣᠨᠴᠠᠯᠢᠭ ᠲᠤ ᠰᠠᠭᠤᠷᠢᠯᠠᠨ ᠠᠵᠤ ᠦᠢᠯᠡᠰ ᠢ ᠬᠥᠭᠵᠢᠭᠦᠯᠬᠦ ᠰᠡᠳᠬᠢᠴᠡ ᠪᠠ ᠠᠷᠭ᠎ᠠ ᠬᠢᠳᠡᠯ ᠢ ᠨᠤᠲᠠᠯᠠᠵᠤ᠂ ᠲᠥᠪᠯᠡᠷᠡᠭᠦᠯᠦᠨ ᠬᠥᠭᠵᠢᠭᠦᠯᠵᠦ᠂ | ᠯᠠᠪᠳᠠᠭᠤᠨ ᠪᠠᠲᠤᠲᠠᠶ ᠠᠬᠢᠭᠤᠯᠵᠤ᠂ ᠠᠵᠤ ᠦᠢᠯᠡᠳᠪᠦᠷᠢ ᠠᠵᠤ ᠠᠬᠤᠶ ᠶᠢᠨ ᠲᠠᠯ᠎ᠠ ᠪᠠᠷ ᠠᠯᠢ ᠲᠦᠷᠭᠡᠨ ᠢᠶᠠᠷ ᠰᠢᠪᠲᠤᠯᠤᠯᠲᠠ ᠭᠠᠷᠭᠠᠬᠤ ᠬᠡᠷᠡᠭᠲᠡᠶ᠃ ᠠᠵᠤ | ᠦᠢᠯᠡᠳᠪᠦᠷᠢ ᠠᠵᠤ ᠠᠬᠤᠢ ᠶᠢ ᠬᠥᠭᠵᠢᠭᠦᠯᠬᠦ ᠶᠠᠪᠤᠴᠠ ᠳᠤ ᠠᠶᠤᠯᠭᠦᠢ ᠦᠢᠯᠡᠳᠪᠦᠷᠢᠯᠡᠯ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢ ᠢᠮᠠᠭᠲᠠ ᠲᠡᠷᠢᠭᠦᠨ ᠳᠤ | ᠲᠠᠯᠪᠢᠵᠤ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠤᠬᠠᠨ ᠬᠤᠰᠢᠭᠤ ᠲᠠᠷᠢᠶᠠᠯᠠᠩ ᠤᠨ ᠶᠡᠭᠡ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ | ᠦᠵᠡᠯ ᠰᠠᠨᠠᠭ᠎ᠠ ᠪᠠᠨ ᠴᠢᠯᠥᠭᠡᠯᠡᠵᠦ᠂ ᠰᠡᠳᠬᠢᠴᠡ ᠪᠠᠨ ᠥᠷᠭᠡᠳᠬᠡᠨ᠂ ᠵᠠᠬ᠎ᠠ ᠳᠡᠯᠭᠡᠭᠦᠷ ᠢ ᠰᠤᠳᠤᠯᠤᠨ᠂ ᠠᠵᠤ ᠦᠢᠯᠡᠰ ᠢ ᠰᠤᠳᠤᠯᠵᠤ᠂ ᠠᠵᠤ | ᠦᠶᠢᠯᠡᠰᠵᠢᠯᠲᠡ ᠶᠢᠨ ᠴᠢᠭᠯᠡᠯ ᠢ ᠴᠢᠩᠭ᠎ᠠ ᠡᠵᠡᠮᠳᠡᠨ᠂ ᠬᠥᠲᠥᠯᠥᠨ ᠵᠢᠯᠣᠭᠤᠳᠬᠤ ᠲᠥᠷᠥ ᠶᠢᠨ ᠪᠣᠳᠣᠯᠭ᠎ᠠ ᠲᠣᠭᠲᠠᠭᠠᠨ᠂ ᠥᠪᠡᠷᠮᠢᠴᠡ ᠣᠨᠴᠠᠯᠢᠭ ᠪᠥᠬᠦᠶ | ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ ᠡᠳ᠋ᠰᠢᠭᠦᠯᠬᠦ ᠶᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠤᠨ ᠬᠦᠴᠦᠷᠬᠡᠭ ᠬᠤᠰᠢᠭᠤ ᠳᠠᠰᠢ ᠬᠤᠪᠢᠷᠠᠭᠤᠯᠬᠤ ᠶᠢ | ᠠᠬᠢᠭᠤᠯᠬᠤ ᠶᠢ ᠬᠦᠰᠡᠵᠦ ᠪᠠᠶᠢᠨ᠎ᠠ᠃ ᠡᠯᠪᠡᠭ ᠪᠠᠶᠠᠯᠢᠭ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠬᠠᠭᠤᠴᠢ ᠰᠤᠳᠤᠯᠤᠯ ᠤᠨ ᠡᠬᠢ ᠪᠠᠶᠠᠯᠢᠭ ᠢ ᠰᠠᠶᠢᠲᠤᠷ | ᠠᠰᠢᠭᠯᠠᠵᠤ᠂ ᠵᠢᠭᠤᠯᠴᠢᠯᠠᠯ ᠤᠨ ᠠᠵᠤ ᠦᠢᠯᠡᠰ ᠯᠦᠭᠡ ᠨᠢᠭᠲᠠ ᠤᠶᠠᠯᠳᠤᠭᠤᠯᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠤᠬᠠᠭᠤᠯᠤᠨ | ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠳᠤᠮᠳᠠᠳᠤ ᠶᠢᠨ ᠨᠢᠭᠡᠳᠦᠭᠡᠷ ᠲᠣᠰᠬᠤᠨ᠂ ᠨᠠᠢᠮᠠᠨ ᠮᠢᠩᠭᠠᠨ ᠵᠢᠯ ᠤᠨ ᠨᠠᠷᠢᠮᠤ ᠶᠢᠨ ᠲᠠᠷᠢᠮᠠᠯ᠂ ᠦ᠋ ᠠᠨ ᠵᠧᠦ ᠶᠢᠨ | ᠯᠢᠶᠣᠤ ᠤᠯᠤᠰ ᠤᠨ ᠰᠤᠪᠤᠷᠭ᠎ᠠ ᠵᠢᠴᠢ ᠠᠯᠢ ᠤᠯᠠᠨ ᠬᠠᠭᠤᠴᠢ ᠰᠤᠳᠤᠯᠤᠯ ᠤᠨ ᠪᠠᠭᠤᠷᠢ ᠶᠢᠨ ᠦᠯᠢᠭᠡᠷ ᠢ ᠰᠠᠶᠢᠲᠤᠷ ᠶᠠᠷᠢᠵᠤ᠂ ᠲᠡᠦᠬᠡ ᠶᠢᠨ ᠳᠤᠷᠠᠰᠬᠠᠯᠲᠤ ᠵᠦᠢᠯᠡᠰ | ᠬᠠᠭᠤᠴᠢ ᠰᠤᠳᠤᠯᠤᠯ ᠤᠨ ᠵᠢᠭᠤᠯᠴᠢᠯᠠᠯ᠂ ᠠᠤᠬᠠᠨ ᠤ ᠨᠠᠷᠢᠮᠤ ᠶᠢᠨ ᠵᠢᠭᠤᠯᠴᠢᠯᠠᠯ᠂ ᠤᠨᠴᠠᠯᠢᠬᠳᠤ ᠬᠥᠳᠡᠭᠡ ᠲᠣᠰᠬᠤᠨ ᠤ ᠵᠢᠭᠤᠯᠴᠢᠯᠠᠯ ᠢ ᠲᠦᠷᠭᠡᠨ ᠬᠥᠭᠵᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠨ ᠴᠤᠤ ᠴᠢ ᠪᠠᠰᠠ ᠪᠠᠯᠭᠠᠰᠤ᠂ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠲᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ᠂ ᠲᠠᠷᠢᠶᠠᠴᠢᠳ ᠤᠨ | ᠲᠤᠰᠬᠠᠶ ᠬᠤᠷᠰᠢᠶ᠎ᠠ ᠶᠢᠨ ᠬᠥᠭᠵᠢᠯᠲᠡ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ ᠪᠠᠶᠢᠭ᠎ᠠ ᠪᠠᠶᠢᠳᠠᠯ ᠢ | ᠣᠶᠢᠯᠠᠭᠠᠵᠤ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠣᠶᠢᠯᠠᠭᠠᠵᠤ᠂ ᠰᠢᠨ ᠬᠤᠶ ᠠᠴᠠ ᠬᠤᠲᠠ ᠲᠣᠭᠤᠷᠢᠭ ᠬᠥᠷᠬᠦ ᠳᠥᠲᠡ | ᠵᠠᠮ ᠢ ᠨᠡᠪᠲᠡᠷᠡᠭᠦᠯᠬᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ | ᠂ ᠪᠥᠬᠦ ᠬᠤᠰᠢᠭᠤᠨ ᠤ ᠬᠥᠭᠵᠢᠯᠲᠡ ᠶᠢ ᠳᠠᠶᠢᠴᠢᠯᠠᠬᠤ ᠲᠤᠬᠠᠶ ᠱᠠᠭᠠᠷᠳᠠᠯᠭ᠎ᠠ ᠳᠤᠷᠠᠳᠪᠠ᠃ | ᠠᠤᠬᠠᠨ ᠬᠤᠰᠢᠭᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |