4. 9 ᠳ᠋ᠦᠩᠰᠢᠭᠤᠷ ᠭᠠᠷᠤᠢ ᠲᠥᠭᠦᠷᠢᠭ ᠢᠶᠠᠷ ᠥᠪᠥᠷ ᠮᠣᠩᠭᠤᠯ ᠤᠨ 556 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠲᠡᠳᠬᠦᠵᠦ ᠪᠠᠶᠢᠨ᠎ᠠ
ᠨᠡᠶᠢᠲᠡᠯᠡᠭᠰᠡᠨ ᠴᠠᠭ᠄
2023/9/1
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠵᠢᠯ ᠡᠬᠢᠯᠡᠭᠰᠡᠨ ᠠᠴᠠ ᠨᠠᠭᠠᠰᠢ᠂ ᠲᠥᠪ ᠤᠨ ᠡᠳ᠋ ᠤᠨ ᠵᠠᠰᠠᠭ ᠪᠣᠯᠣᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 4.9 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠵᠤ᠂ ᠥᠪᠥᠷ ᠮᠣᠩᠭᠤᠯ ᠤᠨ 556 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠳᠡᠮᠵᠢᠬᠦ ᠳᠤ ᠬᠡᠷᠡᠭᠯᠡᠭᠦᠯᠪᠡ᠃       2023 ᠣᠨ ᠳᠤ᠂ ᠥᠪᠥᠷ ᠮᠣᠩᠭᠤᠯ ᠶᠢᠨ 351 ᠭᠠᠴᠠᠭ᠎ᠠ ᠲᠣᠰᠬᠤᠨ ᠲᠥᠪ ᠤᠨ ᠡᠳ᠋ ᠤᠨ ᠵᠠᠰᠠᠭ ᠠᠴᠠ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠬᠦ ᠬᠡᠪᠴᠢᠶᠡᠨ ᠳᠤ ᠬᠠᠮᠤᠷᠤᠭᠳᠠᠪᠠ᠃ ᠡᠲᠡᠭᠡᠷ ᠭᠠᠴᠠᠭ᠎ᠠ ᠲᠣᠰᠬᠤᠨ ᠨᠤᠭᠤᠳ ᠲᠤ᠂ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠯᠳᠤᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ 2.457 ᠳ᠋ᠦᠩᠰᠢᠭᠤᠷ ᠲᠥᠭᠦᠷᠢᠭ ᠪᠠᠭᠤᠯᠭᠠᠵᠤ᠂ ᠭᠠᠴᠠᠭ᠎ᠠ ᠲᠣᠰᠬᠤᠨ ᠪᠦᠷᠢ ᠳᠤ 70 ᠲᠦᠮᠡᠨ ᠲᠥᠭᠦᠷᠢᠭ ᠪᠠᠭᠤᠯᠭᠠᠪᠠ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠢᠵᠢ ᠪᠦᠷᠢᠳᠦᠭᠦᠯᠦᠭᠰᠡᠨ ᠲᠤᠰᠬᠠᠢ ᠲᠡᠳᠬᠦᠨ ᠳᠡᠮᠵᠢᠬᠦ ᠪᠡᠯᠡ ᠮᠥᠩᠭᠦ 1.053 ᠳ᠋ᠦᠩᠰᠢᠭᠤᠷ ᠲᠥᠭᠦᠷᠢᠭ ᠪᠠᠭᠤᠯᠭᠠᠵᠤ᠂ ᠭᠠᠴᠠᠭ᠎ᠠ ᠲᠣᠰᠬᠤᠨ ᠨᠢᠭᠡᠪᠦᠷᠢ ᠳᠤ 30 ᠲᠦᠮᠡᠨ ᠲᠥᠭᠦᠷᠢᠭ ᠪᠠᠭᠤᠯᠭᠠᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠦᠷᠭᠦᠯᠵᠢᠯᠡᠨ ᠬᠥᠭᠵᠢᠬᠦ ᠳᠤ ᠡᠳ᠋ ᠮᠥᠩᠭᠦᠨ ᠤ ᠪᠠᠲᠤᠯᠠᠭ᠎ᠠ ᠬᠠᠩᠭᠠᠪᠠ᠃        ᠳᠡᠭᠡᠷ᠎ᠡ ᠳᠤᠷᠠᠳᠤᠭᠰᠠᠨ ᠭᠠᠴᠠᠭ᠎ᠠ ᠲᠣᠰᠬᠤᠨ ᠠᠴᠠ ᠭᠠᠳᠠᠨ᠎ᠠ᠂ 2023 ᠣᠨ ᠳᠤ᠂ ᠥᠪᠥᠷ ᠮᠣᠩᠭᠤᠯ 205 ᠭᠠᠴᠠᠭ᠎ᠠ ᠲᠣᠰᠬᠤᠨ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠬᠦ ᠬᠡᠪᠴᠢᠶᠡᠨ ᠳᠤ ᠣᠷᠣᠭᠤᠯᠬᠤ ᠪᠠᠷ ᠲᠣᠭᠲᠠᠭᠠᠭᠰᠠᠨ ᠪᠥᠭᠡᠳ 1.43 ᠳ᠋ᠦᠩᠰᠢᠭᠤᠷ ᠲᠥᠭᠦᠷᠢᠭ ᠤᠨ ᠲᠡᠳᠬᠦᠨ ᠳᠡᠮᠵᠢᠬᠦ ᠪᠡᠯᠡ ᠮᠥᠩᠭᠦ ᠪᠠᠭᠤᠯᠭᠠᠪᠠ᠃        ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠱᠠᠭᠠᠷᠳᠠᠭᠰᠠᠨ ᠨᠢ᠂ ᠳᠡᠭᠡᠷ᠎ᠡ ᠳᠤᠷᠠᠳᠤᠭᠰᠠᠨ ᠪᠡᠯᠡ ᠮᠥᠩᠭᠦ ᠶᠢ ᠪᠦᠬᠦᠨ ᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠠᠮᠢᠶ᠎ᠠ ᠪᠦᠬᠦᠢ ᠫᠷᠤᠵᠧᠺᠲ ᠢ ᠲᠡᠳᠬᠦᠬᠦ ᠳᠤ ᠬᠡᠷᠡᠭᠯᠡᠬᠦ ᠬᠡᠷᠡᠭᠲᠡᠢ᠂ ᠪᠡᠯᠡ ᠮᠥᠩᠭᠦ ᠶᠢ ᠬᠤᠪᠢ ᠬᠥᠮᠥᠨ ᠵᠢᠴᠢ ᠪᠤᠰᠤᠳ ᠭᠠᠴᠠᠭ᠎ᠠ ᠲᠣᠰᠬᠤᠨ ᠤ  ᠬᠠᠮᠲᠤ ᠶᠢᠨ ᠠᠵᠤ ᠠᠬᠤᠢ ᠶᠢᠨ ᠪᠤᠰᠤ ᠵᠣᠬᠢᠶᠠᠨ ᠪᠠᠶᠢᠭᠤᠯᠤᠯᠲᠠ ᠳᠤ ᠬᠡᠮᠵᠢᠶᠡᠵᠢᠭᠦᠯᠬᠦ ᠪᠤᠶᠤ ᠬᠡᠯᠪᠡᠷᠢ ᠥᠭᠡᠷᠡᠲᠦᠭᠦᠯᠦᠨ ᠬᠤᠪᠢᠶᠠᠷᠢᠯᠠᠨ ᠥᠭᠴᠦ ᠬᠡᠷᠡᠭᠯᠡᠭᠦᠯᠵᠦ ᠪᠣᠯᠬᠤ ᠦᠭᠡᠢ᠂ ᠡᠭᠦᠨ ᠢᠶᠠᠷ ᠳᠡᠮᠵᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ ᠰᠢᠶᠠᠨ ᠨᠢ ᠣᠷᠣᠨ ᠨᠤᠲᠤᠭ ᠤᠨ ᠡᠳ᠋  ᠮᠥᠩᠭᠦᠨ  ᠤ ᠪᠠᠶᠢᠳᠠᠯ ᠢᠶᠠᠨ ᠦᠨᠳᠦᠰᠦᠯᠡᠨ᠂ ᠪᠡᠯᠡ ᠮᠥᠩᠭᠦ ᠶᠢᠨ ᠨᠥᠬᠦᠪᠦᠷᠢ ᠶᠢᠨ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠦᠬᠦᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠳᠡᠮᠵᠢᠵᠦ ᠪᠣᠯᠣᠨ᠎ᠠ ᠭᠡᠵᠦ ᠲᠣᠳᠣᠷᠬᠠᠢ ᠲᠣᠭᠲᠠᠭᠠᠪᠠ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ