ᠪᠦᠬᠦ ᠣᠷᠣᠨ ᠤ 11.8 ᠲᠦᠮᠡᠨ ᠲᠥᠷᠦᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ︽ᠦᠨᠡᠮᠯᠡᠯ ᠬᠡᠷᠡᠭᠰᠡᠬᠦ ᠦᠭᠡᠢ ᠪᠠᠷ ᠭᠦᠢᠴᠡᠳᠬᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/9/1
      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ  ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠪᠥᠬᠦ ᠣᠷᠣᠨ ᠤ 11.8 ᠲᠦᠮᠡᠨ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ︽ᠦᠨᠡᠮᠯᠡᠯ ᠬᠡᠷᠡᠭᠰᠡᠬᠦ ᠦᠭᠡᠢ ᠪᠠᠷ ᠭᠦᠢᠴᠡᠳᠬᠡᠬᠦ︾ ᠶᠢ ᠪᠡᠶᠡᠯᠡᠭᠦᠯᠪᠡ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ 485 ᠲᠥᠷᠥᠯ ᠪᠠᠶᠢᠵᠤ᠂ ᠵᠠᠮ ᠲᠡᠭᠡᠭᠡᠪᠦᠷᠢ᠂ ᠨᠡᠶᠢᠭᠡᠮ ᠤᠨ ᠠᠵᠢᠯ ᠶᠠᠪᠤᠳᠠᠯ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠣᠯᠠᠨ ᠬᠦᠷᠢᠶᠡᠨ ᠳᠤ ᠬᠤᠯᠪᠣᠭᠳᠠᠨ᠎ᠠ᠃       ᠥᠨᠥ ᠵᠢᠯ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶ᠎ᠡ ᠨᠢ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ ᠨᠡᠮᠡᠭᠳᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠲᠥᠷᠥᠯ ᠢ ᠭᠦᠢᠴᠡᠳᠬᠡᠬᠦ ᠠᠯᠬᠤᠮ ᠢ ᠴᠣᠮᠬᠠᠳᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠣᠭᠤᠨᠢᠰᠬᠠᠬᠤ᠂ ᠵᠠᠷᠤᠳᠠᠯ ᠢ ᠪᠠᠭᠠᠰᠬᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠡᠯᠧᠺᠲᠷᠣᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠨᠤᠭᠤᠳ ᠢ ᠴᠤᠭᠯᠠᠭᠤᠯᠬᠤ ᠵᠢᠴᠢ ᠬᠠᠮᠲᠤ ᠪᠠᠷ ᠭᠥᠷᠳᠡᠵᠦ ᠬᠡᠷᠡᠭᠯᠡᠬᠦ ᠶᠢ ᠢᠳᠡᠪᠬᠢᠲᠡᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ 16 ᠰᠠᠯᠠᠭ᠎ᠠ ᠮᠥᠴᠢᠷ ᠤᠨ ᠰᠢᠭᠤᠳ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠪᠠ ᠡᠯᠧᠺᠲᠷᠣᠨ ᠭᠡᠷᠡᠴᠢ ᠦᠨᠡᠮᠯᠡᠯ ᠤᠨ ᠬᠥᠮᠥᠷᠭᠡ ᠯᠦᠭᠡ ᠵᠣᠯᠭᠠᠭᠤᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠪᠠ ᠰᠦᠯᠵᠢᠶ᠎ᠡ ᠪᠠᠷ ᠬᠢᠨᠠᠨ ᠰᠢᠯᠭᠠᠬᠤ ᠪᠠᠷ ᠳᠡᠮᠵᠢᠨ ᠡᠯᠧᠺᠲᠷᠣᠨ ᠭᠡᠷᠡᠴᠢ ᠦᠨᠡᠮᠯᠡᠯ ᠤᠳ ᠢ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠳ ᠤᠨ ᠬᠤᠭᠤᠷᠣᠨᠳᠤ ᠬᠠᠷᠢᠯᠴᠠᠨ ᠨᠡᠪᠲᠡᠷᠡᠯᠴᠡᠭᠦᠯᠬᠦ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠨᠠᠩ ᠰᠢᠯᠢᠳᠡᠭᠵᠢᠭᠦᠯᠪᠡ᠃       ᠣᠳᠣᠬᠠᠨ ᠳᠤ᠂ ᠪᠥᠬᠦ ᠣᠷᠣᠨ ᠨᠢᠭᠡᠨᠲᠡ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ᠂ ᠣᠷᠤᠭ ᠤᠨ ᠪᠠᠲᠤᠯᠠᠪᠤᠷᠢ᠂ ᠡᠵᠡᠩᠨᠡᠯᠲᠡ ᠶᠢᠨ ᠦᠨᠡᠮᠯᠡᠯ ᠵᠡᠷᠭᠡ 640 ᠭᠠᠷᠤᠢ ᠲᠥᠷᠥᠯ᠂ 6950 ᠲᠦᠮᠡᠨ ᠵᠤᠷᠪᠤᠰ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠬᠠᠮᠲᠤ ᠪᠠᠷ ᠬᠦᠷᠲᠡᠵᠦ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ ᠨᠢ ᠨᠡᠶᠢᠲᠡ 10 ᠳ᠋ᠦᠩᠰᠢᠭᠤᠷ ᠤᠳᠠᠭ᠎ᠠ ᠶᠢ ᠳᠠᠪᠠᠭᠰᠠᠨ ᠪᠥᠭᠡᠳ ᠠᠵᠤ ᠠᠬᠤᠶᠢᠯᠠᠯ ᠪᠠ ᠣᠯᠠᠨ ᠲᠦᠮᠡᠨ ︽ᠮᠥᠩᠬᠡ ᠰᠤᠪᠠᠭ︾ ᠰᠢᠯᠵᠢᠮᠡᠯ ᠴᠢᠮᠡᠭᠡ ᠬᠤᠯᠪᠣᠭᠠᠨ ᠤ ᠬᠡᠷᠡᠭᠯᠡᠭᠦᠷ ᠪᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠥᠪᠡᠷ ᠤᠨ ᠡᠯᠧᠺᠲᠷᠣᠨ ᠭᠡᠷᠡᠴᠢ ᠦᠨᠡᠮᠯᠡᠯ ᠢᠶᠠᠨ ᠪᠠᠶᠢᠴᠠᠭᠠᠨ ᠦᠵᠡᠬᠦ ᠪᠤᠶᠤ ᠪᠠᠭᠤᠯᠭᠠᠨ ᠠᠪᠴᠤ ᠪᠣᠯᠬᠤ ᠪᠣᠯᠵᠠᠢ᠃ ᠪᠥᠬᠦ ᠣᠷᠣᠨ ︽ᠦᠨᠡᠮᠯᠡᠯ ᠬᠡᠷᠡᠭᠰᠡᠬᠦ ᠦᠭᠡᠢ ᠪᠠᠷ ᠭᠦᠢᠴᠡᠳᠬᠡᠬᠦ︾ ᠦᠢᠯᠡᠴᠢᠯᠡᠭᠡ ᠪᠠᠷ ᠳᠡᠮᠵᠢᠨ ᠨᠢᠭᠡᠨᠲᠡ 4.7 ᠲᠦᠮᠡᠨ ᠠᠵᠢᠯ ᠶᠠᠪᠤᠳᠠᠯ ᠭᠦᠢᠴᠡᠳᠬᠡᠭᠡᠳ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠤᠨ᠂ ᠨᠡᠩ ᠳᠥᠭᠦᠮ ᠪᠣᠯᠭᠠᠵᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ