| 9 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠨ ᠴᠤᠤ ᠴᠢ ᠬᠠᠷᠠᠴᠢᠨ ᠬᠤᠰᠢᠭᠤᠨ ᠤ ᠨᠠᠨ ᠲᠠᠢ ᠽᠢ ᠰᠢᠶᠠᠩ ᠳᠤ | ᠬᠥᠳᠡᠭᠡ ᠲᠣᠰᠬᠤᠨ ᠤ ᠪᠠᠭᠰᠢ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠲᠡᠷᠡᠴᠢᠯᠡᠨ ᠲᠡᠳᠡᠨ ᠢᠶᠠᠷ ᠳᠠᠮᠵᠢᠨ ᠪᠥᠬᠦ ᠬᠤᠲᠠ ᠶᠢᠨ ᠥᠷᠭᠡᠨ ᠣᠯᠠᠨ ᠪᠠᠭᠰᠢ | ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ︔ ᠠᠵᠤ ᠦᠢᠯᠡᠰ ᠤᠨ ᠬᠥᠭᠵᠢᠯᠲᠡ ᠪᠣᠯᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠠᠷᠠᠴᠢᠨ ᠬᠤᠰᠢᠭᠤ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠵᠦ᠂ ᠤᠨᠴᠠᠯᠢᠬᠳᠤ ᠠᠵᠤ ᠦᠢᠯᠡᠰ ᠢ ᠬᠦᠴᠦᠷᠬᠡᠭᠵᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠪᠣᠳᠠᠲᠤ | ᠬᠦᠴᠦᠨ ᠢᠶᠠᠨ ᠴᠢᠩᠭᠠᠳᠬᠠᠬᠤ ᠶᠢ ᠬᠦᠰᠡᠪᠡ᠃ | ᠨᠠᠨ ᠲᠠᠢ ᠽᠢ ᠰᠢᠶᠠᠩ ᠤᠨ ᠨᠠᠨ ᠲᠠᠢ ᠽᠢ ᠪᠠᠭ᠎ᠠ ᠰᠤᠷᠭᠠᠭᠤᠯᠢ ᠳᠤ᠂ ᠸᠠᠨ ᠴᠤᠤ ᠴᠢ ᠰᠤᠷᠤᠭᠴᠢᠳ ᠤᠨ ᠪᠠᠭᠰᠢ ᠶᠢᠨ ᠪᠠᠶᠠᠷ ᠤᠨ ᠲᠣᠭᠯᠠᠯᠲᠠ ᠪᠠ ᠪᠠᠭᠰᠢ | ᠰᠤᠷᠤᠭᠴᠢᠳ ᠤᠨ ᠬᠤᠭᠤᠷᠣᠨᠳᠣᠬᠢ ᠲᠣᠭᠯᠠᠭᠠᠮ ᠢ ᠰᠣᠨᠢᠷᠬᠠᠨ᠂ ᠪᠠᠭᠰᠢ ᠶᠢᠨ ᠪᠠᠶᠠᠷ ᠤᠨ ᠬᠥᠳᠡᠯᠭᠡᠭᠡᠨ ᠳᠤ ᠣᠷᠣᠯᠴᠠᠬᠤ ᠪᠠᠷ ᠢᠷᠡᠭᠰᠡᠨ ᠭᠡᠷ ᠤᠨ ᠠᠬᠠᠮᠠᠳ ᠲᠠᠢ | ᠶᠡᠷᠢᠯᠴᠠᠵᠤ᠂ ᠵᠢᠭᠠᠨ ᠰᠤᠳᠤᠯᠬᠤ ᠳᠠᠰᠤᠭ᠂ ᠬᠤᠷᠠᠯ ᠤᠨ ᠭᠡᠷ ᠲᠤ ᠬᠦᠷᠴᠦ ᠬᠢᠴᠢᠶᠡᠯ ᠪᠡᠯᠡᠳᠬᠡᠵᠦ ᠪᠠᠶᠢᠭ᠎ᠠ ᠪᠠ ᠶᠠᠷᠢᠯᠴᠠᠬᠤ ᠬᠤᠷᠠᠯ ᠬᠢᠵᠦ ᠪᠠᠶᠢᠭ᠎ᠠ ᠪᠠᠭᠰᠢ ᠵᠢᠴᠢ | ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠶᠢ ᠡᠷᠭᠢᠨ ᠦᠵᠡᠵᠦ᠂ ᠲᠡᠳᠡᠨ ᠳᠤ ᠴᠡᠴᠡᠭ ᠬᠥᠷᠭᠡᠨ᠂ ᠪᠠᠶᠠᠷ ᠤᠨ ᠡᠳᠦᠷ ᠤᠨ ᠮᠡᠨᠳᠦ ᠬᠥᠷᠭᠡᠵᠦ᠂ | ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠯᠢᠳᠡᠭ ᠪᠠᠭᠰᠢ ᠶᠢᠨ ᠲᠥᠯᠥᠭᠡᠯᠡᠭᠴᠢᠳ ᠲᠤ ᠢᠯᠡᠭᠡᠭᠰᠡᠨ ᠵᠠᠬᠢᠳᠠᠯ ᠤᠨ ᠴᠢᠬᠤᠯᠠ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠬᠥᠭᠵᠢᠯᠲᠡ ᠶᠢᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠵᠤ᠂ ᠰᠤᠷᠭᠠᠨ ᠬᠦᠮᠦᠵᠢᠯᠲᠡᠨ ᠢᠶᠠᠷ ᠳᠠᠭᠤᠷᠢᠶᠠᠯ ᠪᠣᠯᠭᠠᠨ᠂ ᠰᠤᠷᠭᠠᠨ ᠬᠥᠮᠥᠵᠢᠯ ᠳᠤ ᠵᠢᠳᠬᠦᠨ ᠤᠯᠤᠰ ᠢᠶᠠᠨ ᠬᠦᠴᠦᠷᠬᠡᠭᠵᠢᠭᠦᠯᠬᠦ ᠬᠦᠰᠡᠯ | ᠵᠣᠷᠢᠯᠲᠠ ᠶᠢ ᠪᠣᠢ ᠪᠣᠯᠭᠠᠵᠤ᠂ ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠨ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃ ᠲᠡᠷᠡ ᠪᠠᠰᠠ ᠰᠤᠷᠭᠠᠭᠤᠯᠢ ᠶᠢᠨ ᠬᠤᠭᠤᠯᠠᠨ ᠬᠡᠷ ᠲᠤ ᠬᠦᠷᠴᠦ᠂ ᠡᠷᠡᠭᠦᠯ ᠬᠠᠮᠠᠭᠠᠯᠠᠯ ᠤᠨ | ᠪᠠᠶᠢᠳᠠᠯ᠂ ᠬᠤᠭᠤᠯᠠᠨ ᠤ ᠪᠠᠶᠢᠳᠠᠯ ᠢ ᠪᠠᠶᠢᠴᠠᠭᠠᠨ ᠦᠵᠡᠵᠦ᠂ ᠬᠤᠰᠢᠭᠤ ᠰᠢᠶᠠᠩ ᠤᠨ ᠤᠳᠤᠷᠢᠳᠤᠯᠭ᠎ᠠ ᠨᠠᠷ ᠢ ᠵᠠᠪᠠᠯ ᠪᠠᠭᠰᠢ ᠰᠤᠷᠤᠭᠴᠢᠳ ᠢ ᠬᠠᠯᠠᠮᠵᠢᠯᠠᠨ | ᠬᠠᠶᠢᠷᠠᠯᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠡᠷᠡᠭᠦᠯ ᠮᠡᠨᠳᠦ ᠶᠢ ᠪᠠᠲᠤᠯᠠᠵᠤ᠂ ᠬᠡᠷ ᠤᠨ ᠠᠬᠠᠮᠠᠳ ᠢ ᠰᠠᠨᠠᠭ᠎ᠠ ᠠᠮᠤᠷ ᠰᠡᠳᠬᠢᠯ ᠬᠠᠨᠤᠮᠵᠢᠲᠠᠶ | ᠪᠠᠶᠢᠯᠭᠠᠬᠤ ᠬᠡᠷᠡᠭᠲᠡᠶ ᠭᠡᠵᠦ ᠵᠠᠬᠢᠪᠠ᠃ | ᠨᠠᠨ ᠲᠠᠢ ᠽᠢ ᠰᠢᠶᠠᠩ ᠤᠨ ᠬᠤᠩ ᠹᠧᠩ ᠰᠢᠦᠢ ᠮᠤᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ᠂ ᠲᠥᠬᠦᠭᠡᠷᠦᠮᠵᠢᠲᠦ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠪᠠ ᠵᠢᠨᠱᠠᠨ ᠪᠠᠯᠭᠠᠰᠤᠨ ᠤ ᠬᠤᠩ ᠹᠦ᠋ | ᠣᠳᠣᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠵᠠᠯᠭᠠᠯᠳᠤᠭᠰᠠᠨ ᠬᠦᠯᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠬᠤᠶ ᠲᠠᠯᠠᠪᠠᠶ ᠳᠤ᠂ | ᠸᠠᠨ ᠴᠤᠤ ᠴᠢ ᠬᠠᠷᠠᠴᠢᠨ ᠬᠤᠰᠢᠭᠤᠨ ᠤ ᠡᠨᠡ ᠵᠢᠯ ᠤᠨ ᠠᠵᠤ ᠦᠢᠯᠡᠰ ᠤᠨ ᠬᠥᠭᠵᠢᠯᠲᠡ ᠪᠣᠯᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠣᠶᠢᠯᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠣᠯᠤᠭᠰᠠᠨ ᠠᠮᠵᠢᠯᠲᠠ ᠶᠢ ᠭᠦᠢᠴᠡᠳ ᠨᠣᠲᠠᠯᠠᠵᠤ᠂ ᠬᠠᠷᠠᠴᠢᠨ ᠬᠤᠰᠢᠭᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ | ᠪᠠ ᠠᠮᠢ ᠠᠬᠤᠶ ᠶᠢᠨ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠤᠨ᠂ ᠣᠯᠠᠨ ᠲᠦᠮᠡᠨ ᠤ ᠢᠳᠡᠪᠬᠢᠵᠢᠯ ᠢ ᠦᠷᠭᠦᠯᠵᠢᠯᠡᠨ ᠳᠠᠶᠢᠴᠢᠯᠠᠵᠤ᠂ ᠠᠵᠤ | ᠦᠢᠯᠡᠰ ᠤᠨ ᠲᠥᠷᠥᠯ ᠵᠦᠢᠯ ᠢ ᠰᠠᠶᠢᠲᠤᠷ ᠪᠠᠶᠢᠭᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠵᠢᠯ ᠤᠨ | ᠲᠣᠭᠲᠠᠮᠠᠯ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠨ᠂ ᠨᠡᠮᠡᠭᠳᠡᠯ ᠤᠨ | ᠬᠤᠷᠳᠤᠴᠠ ᠶᠢ ᠪᠠᠲᠤᠯᠠᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢ ᠪᠣᠵᠠᠭᠠᠶᠢᠷᠠᠭᠤᠯᠤᠨ᠂ ᠲᠡᠷᠢᠭᠦᠨ ᠤ ᠪᠣᠯᠬᠤ ᠪᠠᠷ ᠴᠢᠷᠮᠠᠶᠢᠨ᠎ᠠ᠃ ᠡᠭᠦᠨ ᠤ ᠵᠡᠷᠭᠡᠪᠡᠷ ᠢᠷᠡᠬᠦ | ᠵᠢᠯ ᠤᠨ ᠲᠦᠷᠦᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠡᠷᠲᠡᠬᠡᠨ ᠲᠣᠬᠢᠷᠠᠭᠤᠯᠤᠨ ᠪᠡᠯᠡᠳᠬᠡᠵᠦ᠂ ᠡᠯ᠎ᠡ ᠵᠦᠢᠯ ᠤᠨ ᠠᠵᠢᠯ ᠢᠶᠠᠨ ᠤᠷᠤᠭᠰᠢ | ᠠᠬᠢᠭᠤᠯᠬᠤ ᠶᠢ ᠬᠦᠰᠡᠪᠡ᠃ | ᠪᠠᠶᠢᠴᠠᠭᠠᠨ ᠰᠤᠳᠤᠯᠤᠯᠲᠠ ᠬᠢᠬᠦ ᠵᠠᠮ ᠳᠠᠭᠠᠨ᠂ ᠸᠠᠨ ᠴᠤᠤ ᠴᠢ ᠪᠠᠰᠠ ᠰᠦᠩᠱᠠᠨ ᠲᠣᠭᠤᠷᠢᠭ ᠤᠨ ᠴᠧᠩ ᠽᠢ ᠰᠢᠶᠠᠩ ᠪᠣᠯᠤᠨ ᠬᠤᠭᠤᠯᠠᠶᠢᠲᠤ ᠭᠤᠤ | ᠲᠣᠰᠬᠤᠨ ᠳᠤ ᠬᠦᠷᠴᠦ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ᠃ ᠲᠡᠷᠡ᠂ ᠣᠳᠣᠬᠠᠨ ᠳᠤ ᠪᠦᠬᠦ ᠬᠤᠳᠠ ᠶᠢᠨ ᠬᠥᠭᠵᠢᠯᠲᠡ ᠪᠠ | ᠲᠣᠭᠲᠠᠭᠤᠨ ᠤ ᠡᠭᠦᠷᠭᠡ ᠮᠠᠰᠢ ᠬᠦᠨᠳᠦ ᠪᠠᠶᠢᠨ᠎ᠠ᠂ ᠢᠯᠠᠩᠭᠤᠶ᠎ᠠ ᠰᠢᠶᠠᠩ ᠪᠠᠯᠭᠠᠰᠤᠨ ᠤ ᠱᠠᠳᠤ ᠨᠢ ᠤᠯᠠᠨ ᠲᠦᠮᠡᠨ ᠳᠤ ᠰᠢᠭᠤᠳ ᠬᠠᠨᠳᠤᠵᠤ᠂ ᠶᠡᠭᠡ ᠬᠡᠮᠵᠢᠶᠡᠨ ᠤ | ᠪᠣᠳᠠᠲᠠᠢ ᠠᠰᠠᠭᠤᠳᠠᠯ ᠲᠤᠯᠭᠠᠷᠠᠵᠤ᠂ ᠠᠵᠢᠯ ᠮᠠᠰᠢ ᠴᠢᠬᠤᠯᠠ ᠪᠠᠶᠢᠨ᠎ᠠ᠃ ᠬᠡᠳᠦ᠋ᠢᠪᠡᠷ ᠭᠠᠷᠠᠭ ᠤᠨ ᠰᠡᠭᠦᠯᠴᠢ ᠪᠣᠯᠪᠠᠴᠤ᠂ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠬᠦᠨ ᠢᠯᠠᠩᠭᠤᠶ᠎ᠠ ᠭᠤᠣᠯ ᠤᠳᠤᠷᠢᠳᠤᠯᠭ᠎ᠠ ᠠᠵᠢᠯ ᠤᠨ ᠪᠠᠶᠢᠷᠢᠨ ᠳᠠᠭᠠᠨ ᠪᠠᠶᠢᠬᠤ ᠦᠭᠡᠢ ᠪᠠᠶᠢᠵᠤ ᠪᠣᠯᠬᠤ ᠦᠭᠡᠢ᠂ ᠠᠵᠢᠯ ᠤᠨ ᠡᠳᠦᠷ ᠲᠤ ᠨᠡᠩ ᠴᠤ ︽ | ᠶᠠᠪᠤᠵᠤ ᠰᠤᠷᠤᠯᠴᠠᠬᠤ ᠺᠠᠳ᠋ᠷ︾ ᠪᠤᠯᠵᠤ ᠪᠣᠯᠬᠤ ᠦᠭᠡᠢ᠃ ᠴᠠᠭ ᠢᠮᠠᠭᠲᠠ ᠠᠩᠬᠠᠷᠤᠯ ᠲᠠᠯᠪᠢᠬᠤ ᠬᠠᠷᠢᠭᠤᠴᠠᠯᠭᠠᠲᠤ ᠰᠡᠳᠬᠢᠯᠭᠡ ᠶᠢ ᠦᠨᠡᠨᠬᠦ ᠪᠤᠢ ᠪᠣᠯᠭᠠᠨ᠂ | ᠡᠭᠦᠨ ᠤ ᠬᠠᠮᠲᠤ ᠨᠢᠭᠡ ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ ᠪᠣᠳᠠᠲᠠᠢ ᠠᠵᠢᠯᠯᠠᠭ᠎ᠠ ᠳᠡᠭᠡᠷ᠎ᠡ | ᠢᠯᠡᠷᠡᠭᠦᠯᠵᠦ᠂ ᠺᠠᠳ᠋ᠷ ᠤᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠢᠯᠡᠷᠡᠭᠦᠯᠬᠦ ᠬᠡᠷᠡᠭᠲᠡᠢ᠃ ᠵᠣᠬᠢᠶᠠᠨ | ᠪᠠᠶᠢᠭᠤᠯᠤᠯᠲᠠ ᠠᠴᠠ ᠦᠨᠳᠦᠰᠦᠨ ᠱᠠᠲᠤᠨ ᠤ ᠺᠠᠳ᠋ᠷ ᠢ ᠬᠠᠯᠠᠮᠵᠢᠯᠠᠨ ᠬᠠᠶᠢᠷᠠᠯᠠᠬᠤ ᠮᠥᠷᠲᠡᠭᠡᠨ ᠬᠠᠮᠢᠶᠠᠷᠤᠯᠲᠠ ᠪᠠᠨ ᠴᠢᠩᠭᠠᠳᠬᠠᠵᠤ᠂ ᠬᠥᠮᠦᠨ ᠨᠢ ᠠᠵᠢᠯ ᠠᠴᠠ ᠪᠠᠨ | ᠤᠯᠠᠳᠠᠬᠤ᠂ ᠦᠷ᠎ᠡ ᠪᠦᠲᠦᠮᠵᠢ ᠳᠣᠣᠷ᠎ᠠ ᠪᠠᠶᠢᠬᠤ ᠶᠢ ᠡᠷᠡᠰ ᠬᠤᠷᠢᠭᠯᠠᠵᠤ᠂ ᠺᠠᠳ᠋ᠷᠴᠤᠳ ᠢ ᠬᠠᠷᠢᠭᠤᠴᠠᠯᠭ᠎ᠠ ᠲᠠᠢ᠂ ᠠᠵᠢᠯ ᠳᠠᠭᠠᠨ ᠦᠷ᠎ᠡ ᠪᠦᠲᠦᠮᠵᠢ ᠲᠠᠢ ᠪᠣᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠨ ᠴᠤᠤ ᠴᠢ ᠪᠠᠰᠠ ᠤᠯᠤᠰ ᠤᠨ ᠵᠠᠮ 111 ᠱᠤᠭᠤᠮ ᠤᠨ ᠪᠠᠷᠢᠯᠭ᠎ᠠ ᠶᠢᠨ ᠪᠡᠯᠡᠳᠬᠡᠯ ᠠᠵᠢᠯ ᠤᠨ ᠪᠠᠶᠢᠳᠠᠯ | ᠪᠣᠯᠤᠨ ᠮᠤᠵᠢ ᠶᠢᠨ ᠵᠠᠮ 206 ᠱᠤᠭᠤᠮ ᠤᠨ ᠶᠡᠭᠡ ᠵᠠᠰᠠᠯᠲᠠ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠧᠩ ᠰᠢᠶᠣᠤ ᠪᠢᠩ᠂ ᠬᠠᠷᠠᠴᠢᠨ ᠬᠤᠰᠢᠭᠤᠨ ᠤ ᠨᠠᠮ ᠤᠨ | ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |