| ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 – 8 ᠰᠠᠷ᠎ᠠ ᠳᠤ᠂ ᠮᠠᠨ ᠤ ᠣᠷᠣᠨ ᠤ ᠪᠦᠭᠦ | ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2214.7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠵᠢᠱᠢᠯᠲᠡ ᠲᠤᠭ᠎ᠠ | ︵2850 ᠳ᠋ᠦᠩᠰᠢᠭᠤᠷ ᠲᠥᠭᠦᠷᠢᠭ︶ ᠶᠢᠨ 77.7% ᠶᠢ ᠪᠡᠶᠡᠯᠡᠭᠦᠯᠵᠦ᠂ ᠴᠠᠭ ᠤᠨ ᠠᠬᠢᠴᠠ ᠠᠴᠠ ᠵᠠᠭᠤᠨ ᠤ ᠬᠠᠷᠢᠴᠠᠯ ᠢᠶᠠᠷ 11 ᠬᠤᠪᠢ ᠳᠠᠪᠠᠵᠤ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 160 ᠳ᠋ᠦᠩᠰᠢᠭᠤᠷ ᠲᠥᠭᠦᠷᠢᠭ ᠥᠰᠴᠦ᠂ 7.8% ᠪᠠᠷ ᠨᠡᠮᠡᠭᠳᠡᠵᠡᠢ᠃ ᠡᠭᠦᠨ ᠤ ᠳᠣᠲᠣᠷ᠎ᠠ ᠭᠠᠶᠢᠯᠢ ᠲᠠᠲᠠᠪᠤᠷᠢ ᠶᠢᠨ | ᠣᠷᠣᠯᠭ᠎ᠠ 1653.6 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 86.2 ᠳ᠋ᠦᠩᠰᠢᠭᠤᠷ ᠲᠥᠭᠦᠷᠢᠭ ᠥᠰᠴᠦ᠂ | 5.5% ᠪᠠᠷ ᠨᠡᠮᠡᠭᠳᠡᠵᠦ᠂ ᠭᠠᠶᠢᠯᠢ ᠲᠠᠲᠠᠪᠤᠷᠢ ᠶᠢᠨ ᠡᠵᠡᠯᠡᠬᠦ ᠬᠠᠷᠢᠴᠠᠯ 74.7% ᠳᠤ ᠬᠦᠷᠴᠡᠢ᠃ ᠭᠠᠶᠢᠯᠢ ᠶᠢᠨ ᠪᠤᠰᠤ ᠣᠷᠣᠯᠭ᠎ᠠ 561.1 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 73.8 ᠳ᠋ᠦᠩᠰᠢᠭᠤᠷ ᠲᠥᠭᠦᠷᠢᠭ ᠥᠰᠴᠦ᠂ 15.2% ᠢᠶᠠᠷ ᠨᠡᠮᠡᠭᠳᠡᠪᠡ᠃ | ᠡᠨᠡ ᠵᠢᠯ ᠤᠨ 1 – 8 ᠳ᠋ᠤᠭᠠᠷ ᠰᠠᠷ᠎ᠠ ᠳᠤ᠂ ᠪᠦᠭᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 3962.9 ᠳ᠋ᠦᠩᠰᠢᠭᠤᠷ | ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 187.6 ᠳ᠋ᠦᠩᠰᠢᠭᠤᠷ ᠲᠥᠭᠦᠷᠢᠭ ᠨᠡᠮᠡᠭᠳᠡᠨ᠂ 5% ᠨᠡᠮᠡᠭᠳᠡᠪᠡ᠃ ᠥᠪᠡᠷᠲᠡᠭᠡᠨ | ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠶᠢᠨ ᠬᠦᠴᠦᠨ ᠪᠠ | ᠦᠷ᠎ᠡ ᠪᠦᠲᠦᠮᠵᠢ ᠶᠢ ᠳᠡᠭᠡᠭᠰᠢᠯᠡᠭᠦᠯᠭᠦ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠨ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠡᠳ᠋ ᠤᠨ ᠵᠠᠰᠠᠭ ᠤᠨ ᠵᠠᠷᠤᠯᠭ᠎ᠠ ᠶᠢᠨ ᠬᠤᠷᠳᠤᠴᠠ ᠶᠢ | ᠳᠡᠭᠡᠭᠰᠢᠯᠡᠭᠦᠯᠪᠡ᠃ ᠡᠳ᠋ ᠤᠨ ᠵᠠᠰᠠᠭ ᠤᠨ ᠵᠠᠷᠤᠯᠭ᠎ᠠ ᠶᠢᠨ 21 ᠭᠤᠣᠯ ᠲᠦᠷᠦᠯ ᠵᠦᠢᠯ ᠤᠨ ᠳᠣᠲᠣᠷ᠎ᠠ ᠠᠴᠠ 19 ᠨᠢ ᠨᠡᠮᠡᠭᠳᠡᠯ ᠢᠶᠠᠨ ᠪᠠᠲᠤᠯᠠᠵᠤ᠂ 12 ᠵᠦᠢᠯ ᠤᠨ | ᠵᠠᠷᠤᠯᠭ᠎ᠠ ᠶᠢᠨ ᠲᠦᠷᠦᠯ ᠵᠦᠢᠯ ᠤᠨ ᠨᠡᠮᠡᠭᠳᠡᠯ ᠤᠨ ᠬᠡᠮᠵᠢᠶ᠎ᠡ ᠨᠢ 10% ᠠᠴᠠ ᠳᠠᠪᠠᠵᠠᠢ᠂ ᠡᠭᠦᠨ ᠳᠤ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠤᠳᠠᠯᠳᠤᠭ᠎ᠠ | ᠦᠢᠯᠡᠴᠢᠯᠡᠭᠡᠨ ᠤ ᠦᠢᠯᠡᠰ᠂ ᠵᠠᠮ ᠲᠡᠭᠡᠭᠡᠪᠦᠷᠢ᠂ ᠮᠥᠩᠭᠦᠨ ᠭᠦᠢᠯᠭᠡᠭᠡ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠠᠮᠤ ᠪᠤᠳᠠᠭ᠎ᠠ ᠲᠣᠰᠣ ᠡᠳ᠋ ᠪᠣᠳᠠᠰ ᠤᠨ ᠨᠥᠭᠡᠴᠡᠯᠡᠯ᠂ | ᠡᠬᠢ ᠪᠠᠶᠠᠯᠢᠭ ᠤᠨ ᠬᠠᠶᠢᠨ ᠰᠢᠨᠵᠢᠯᠡᠯᠲᠡ ᠶᠢᠨ ᠮᠡᠳᠡᠭᠡ ᠵᠠᠩᠭᠢ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ᠂ ᠣᠷᠣᠨ ᠰᠠᠭᠤᠴᠠ ᠶᠢᠨ | ᠪᠠᠲᠤᠯᠠᠭ᠎ᠠ ᠲᠤᠰ ᠲᠤᠰ 124.3%᠂ 48.3%᠂ 33%᠂ 20.7%᠂ 15%᠂ 15.4%᠂ 15.3%᠂ 11.9%᠂ 11. 8% ᠪᠠᠷ ᠨᠡᠮᠡᠭᠳᠡᠪᠡ᠃ | | | |