| ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠠᠮᠲᠤᠷᠠᠨ ᠮᠡᠳᠡᠭᠳᠡᠯ ᠪᠠᠭᠤᠯᠭᠠᠵᠤ᠂ | ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ ᠶᠢ 8 ᠳᠠᠩᠰᠠᠯᠠᠨ ᠪᠠᠶᠢᠭᠤᠯᠵᠠᠢ᠃ ᠣᠳᠣᠬᠠᠨ ᠪᠣᠯᠲᠠᠯ᠎ᠠ᠂ ᠮᠠᠨ ᠤ ᠣᠷᠣᠨ ᠠᠺᠠᠳᠧᠮᠢᠴᠢ ᠮᠡᠷᠭᠡᠵᠢᠯᠲᠡᠨ ᠤ | ᠠᠵᠢᠯ ᠤᠨ ᠦᠷᠳᠡᠭᠡ ᠶᠢ 55 ᠪᠠᠶᠢᠭᠤᠯᠤᠭᠠᠳ ᠪᠤᠢ᠃ | ᠲᠣᠰ ᠤᠳᠠᠭᠠᠨ ᠤ ᠳᠠᠩᠰᠠᠯᠠᠨ ᠪᠠᠶᠢᠭᠤᠯᠤᠭᠰᠠᠨ ᠠᠵᠢᠯ ᠤᠨ ᠥᠷᠲᠡᠭᠡ ᠨᠦᠭᠦᠳ ᠪᠣᠯ᠄ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠶᠢᠨ ᠡᠨᠧᠷᠭᠢ ᠶᠢ ᠶᠡᠭᠡ ᠬᠡᠪᠴᠢᠶ᠎ᠡ ᠪᠠᠷ ᠬᠠᠳᠠᠭᠠᠯᠠᠬᠤ ᠮᠡᠷᠭᠡᠵᠢᠯ ᠤᠨ ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ᠂ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠯ ᠤᠨ ᠬᠦᠷᠢᠶᠡᠯᠡᠩ ᠤᠨ ᠭᠯᠢᠺᠣᠪᠢᠥᠯᠥᠭᠢ ᠤᠨ ᠢᠨᠵᠧᠨᠧᠷᠢᠩ ᠤᠨ ᠠᠺᠠᠳᠧᠮᠢᠴᠢ ᠮᠡᠷᠭᠡᠵᠢᠯᠲᠡᠨ ᠤ ᠠᠵᠢᠯ ᠤᠨ | ᠥᠷᠲᠡᠭᠡ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠢᠲᠡᠭᠡᠮᠵᠢᠲᠦ ᠲᠣᠮᠣ ᠳ᠋ᠠᠶᠢᠲ᠋ᠠ ᠬᠢᠭᠡᠳ ᠬᠢᠮᠡᠯ ᠣᠶᠤᠨ ᠤ ᠠᠺᠠᠳᠧᠮᠢᠴᠢ ᠮᠡᠷᠭᠡᠵᠢᠯᠲᠡᠨ ᠤ | ᠠᠵᠢᠯ ᠤᠨ ᠥᠷᠲᠡᠭᠡ᠂ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ᠂ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ ᠤᠨ ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ᠂ ᠥᠪᠥᠷ ᠮᠣᠩᠭᠤᠯ ᠤᠨ | ᠮᠢᠩ ᠶᠠᠩ ᠪᠧᠢ ᠹᠠᠩ ᠣᠶᠤᠨᠲᠤ ᠡᠨᠧᠷᠭᠢ ᠶᠢ ᠰᠤᠳᠤᠯᠤᠨ ᠨᠡᠭᠡᠭᠡᠬᠦ ᠲᠥᠪ ᠬᠢᠵᠠᠭᠠᠷᠲᠤ ᠺᠣᠮᠫᠠᠨᠢ ᠶᠢᠨ ᠮᠢᠩ ᠶᠠᠩ ᠪᠧᠢ ᠹᠠᠩ ᠣᠶᠤᠨᠲᠤ ᠡᠨᠧᠷᠭᠢ ᠶᠢ ᠰᠤᠳᠤᠯᠬᠤ | ᠬᠦᠷᠢᠶᠡᠯᠡᠩ ᠤᠨ ᠰᠠᠯᠬᠢ ᠭᠡᠷᠡᠯ ᠨᠥᠭᠡᠴᠡ ᠤᠰᠤᠲᠥ᠋ᠷᠥᠭᠴᠢ ᠰᠤᠳᠤᠯᠤᠨ ᠨᠡᠭᠡᠭᠡᠬᠦ ᠠᠺᠠᠳᠧᠮᠢᠴᠢ ᠶᠢᠨ ᠠᠵᠢᠯ ᠤᠨ ᠥᠷᠲᠡᠭᠡ᠂ ᠳ᠋ᠠ ᠳ᠋ᠢ ᠰᠢᠶᠦ᠋ᠩ ︵ᠪᠤᠭᠤᠲᠤ︶ | ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠡᠷᠢᠭᠦᠨ ᠤ ᠰᠣᠷᠢᠨᠵᠢᠨᠲᠤ ᠮᠠᠲ᠋ᠧᠷᠢᠶᠠᠯ ᠤᠨ ᠠᠺᠠᠳᠧᠮᠢᠴᠢ ᠶᠢᠨ ᠠᠵᠢᠯ ᠤᠨ | ᠥᠷᠲᠡᠭᠡ᠂ ᠥᠪᠥᠷ ᠮᠣᠩᠭᠤᠯ ᠤᠨ ᠦ᠋ ᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠷᠳᠣᠰ ᠤᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ ᠵᠡᠷᠭᠡ ᠪᠣᠯᠣᠨ᠎ᠠ᠃ | ᠣᠶᠢᠯᠠᠭᠠᠭᠰᠠᠨ ᠢᠶᠠᠷ᠂ ᠡᠨᠡ ᠵᠢᠯ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠢᠳᠡᠪᠬᠢᠲᠡᠢ ᠠᠬᠢᠭᠤᠯᠵᠤ᠂ | ︽ᠥᠪᠥᠷ ᠮᠣᠩᠭᠤᠯ ᠤᠨ ᠬᠡᠷᠡᠭᠴᠡᠭᠡ᠂ ᠪᠡᠭᠡᠵᠢᠩ ᠤᠨ ᠴᠢᠳᠠᠪᠤᠷᠢ︾ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠮᠠᠨ ᠤ | ᠣᠷᠣᠨ ᠤ ᠬᠠᠮᠢᠶ᠎ᠠ ᠪᠦᠬᠦᠢ ᠨᠢᠭᠡᠴᠢ ᠨᠦᠭᠦᠳ ᠢ ᠵᠣᠬᠢᠶᠠᠨ ᠪᠠᠶᠢᠭᠤᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠵᠡᠷᠭᠡ ᠨᠢᠭᠡᠴᠢ ᠪᠠ ᠭᠠᠵᠠᠷ ᠣᠷᠣᠨ ᠨᠤᠭᠤᠳ ᠲᠠᠢ ᠵᠣᠯᠭᠠᠭᠤᠯᠬᠤ ᠰᠢᠷᠢᠰ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ | ᠳᠠᠩᠰᠠᠯᠠᠨ ᠪᠠᠶᠢᠭᠤᠯᠤᠭᠰᠠᠨ 8 ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ ᠠᠴᠠ 5 ᠨᠢ ᠰᠢᠨ᠎ᠡ ᠡᠨᠧᠷᠭᠢ᠂ ᠬᠤᠪᠣᠷ ᠰᠢᠷᠣᠢ ᠵᠡᠷᠭᠡ ᠭᠤᠣᠯᠳᠠᠯᠭ᠎ᠠ ᠲᠠᠢ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠯᠪᠣᠭᠳᠠᠯ ᠪᠦᠬᠦᠢ ᠠᠺᠠᠳᠧᠮᠢᠴᠢ ᠶᠢᠨ ᠪᠦᠯᠬᠦᠮ ᠲᠠᠢ ᠵᠣᠯᠭᠠᠭᠤᠯᠬᠤ ᠪᠠᠷ ᠳᠠᠮᠵᠢᠨ ᠠᠵᠤ ᠦᠢᠯᠡᠰ ᠤᠨ | ᠬᠥᠭᠵᠢᠯᠲᠡ ᠶᠢᠨ ᠮᠡᠷᠭᠡᠵᠢᠯ ᠤᠨ ᠪᠣᠭᠤᠮᠢ ᠶᠢ ᠬᠠᠮᠲᠤᠷᠠᠨ ᠰᠢᠪᠲᠤᠯᠠᠬᠤ ᠪᠣᠯᠣᠨ᠎ᠠ᠃ | | |