ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 98% ᠳᠤ ᠬᠦᠷᠴᠦ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠶᠢ ᠳᠡᠮᠵᠢᠬᠦ ᠨᠣᠷᠮ᠎ᠠ 85% ᠶᠢ ᠳᠠᠪᠠᠵᠤ᠂ ᠮᠠᠨ ᠤ ᠣᠷᠣᠨ ᠤ 60 ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/9/14
      9 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠲᠠᠪᠤᠨ ᠱᠠᠲᠤᠨ ᠤ 60 ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠥᠮ ︽ᠨᠢᠭᠡ ᠰᠦᠯᠵᠢᠶᠡᠨ ᠳᠤ ᠭᠠᠷᠴᠤ᠂ ᠨᠡᠶᠢᠳᠡᠮ ᠭᠦᠢᠴᠡᠳᠬᠡᠵᠦ ᠪᠣᠯᠬᠤ︾ ᠶᠢ ᠪᠡᠶᠡᠯᠡᠭᠦᠯᠦᠭᠡᠳ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 98% ᠳᠤ ᠬᠦᠷᠴᠦ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠶᠢ ᠳᠡᠮᠵᠢᠬᠦ ᠨᠣᠷᠮ᠎ᠠ 85% ᠶᠢ ᠳᠠᠪᠠᠪᠠ᠃       ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠤ ᠠᠬᠤᠶᠢᠯᠠᠯ  ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠶᠠᠪᠤᠳᠠᠯ ᠭᠦᠢᠴᠡᠳᠬᠡᠬᠦ ᠳᠤ ᠪᠥᠭᠯᠡᠷᠡᠯ᠂ ᠬᠦᠴᠢᠷᠳᠡᠯ᠂ ᠡᠮᠵᠡᠭ ᠲᠠᠢ ᠪᠠᠶᠢᠬᠤ ᠠᠰᠠᠭᠤᠳᠠᠯ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ 81 ᠵᠦᠢᠯᠡᠰ ᠢ ᠴᠡᠭᠴᠡᠯᠡᠨ ᠵᠢᠷᠤᠮᠵᠢᠭᠤᠯᠵᠤ᠂ ᠠᠵᠤ ᠠᠬᠤᠶᠢᠯᠠᠯ  ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ ᠰᠦᠢᠳᠬᠡᠯ ᠲᠤᠰᠢᠶᠠᠨ ᠬᠥᠨᠳᠡᠯᠡᠨ ᠤ ᠡᠲᠡᠭᠡᠳ ᠢᠶᠠᠷ ᠭᠠᠷᠭᠠᠭᠤᠯᠬᠤ ᠣᠯᠠᠨ ᠭᠡᠷᠡᠴᠢ ᠮᠠᠲ᠋ᠧᠷᠢᠶᠠᠯ ᠤᠳ ᠢ ᠴᠣᠮᠬᠠᠳᠬᠠᠪᠠ᠃ ᠢᠯᠠᠩᠭᠤᠶ᠎ᠠ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠱᠠᠲᠤᠨ ᠤ 72 ᠡᠷᠬᠡ ᠶᠢᠨ ᠵᠦᠢᠯᠡᠰ ᠢ ᠬᠦᠴᠦᠨ ᠦᠭᠡᠢ ᠪᠣᠯᠭᠠᠵᠤ᠂ 679 ᠵᠦᠢᠯᠡᠰ ᠢ ᠳᠣᠷᠣᠭᠰᠢ ᠪᠠᠭᠤᠯᠭᠠᠨ᠂ ᠠᠵᠢᠯ ᠶᠠᠪᠤᠳᠠᠯ ᠭᠦᠢᠴᠡᠳᠬᠡᠬᠦ ᠬᠤᠭᠤᠴᠠᠭ᠎ᠠ ᠶᠢ 49.4%᠂ ᠭᠤᠭᠴᠤᠭ᠎ᠠ ᠶᠢ 20.8%᠂ ᠮᠠᠲ᠋ᠧᠷᠢᠶᠠᠯ ᠢ 26.5% ᠪᠠᠷ ᠪᠠᠭᠠᠰᠬᠠᠪᠠ᠃       ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠤ 1114 ᠥᠪᠡᠷᠮᠢᠴᠡ ᠫᠷᠣᠭ᠍ᠷᠠᠮ ᠨᠡᠭᠡᠭᠡᠵᠦ᠂ 2707 ᠲᠤᠰᠬᠠᠢ ᠰᠡᠳᠦᠪᠲᠦ ᠣᠨᠴᠠᠯᠢᠭᠲᠤ ᠦᠢᠯᠡᠴᠢᠯᠡᠭᠡ ᠶᠢ ᠲᠣᠬᠢᠷᠠᠭᠤᠯᠪᠠ︔ ᠰᠠᠯᠠᠭ᠎ᠠ ᠮᠥᠴᠢᠷ ᠠᠯᠤᠰᠯᠠᠭᠰᠠᠨ ᠨᠡᠩ ᠣᠯᠠᠨ ᠠᠵᠢᠯ ᠶᠠᠪᠤᠳᠠᠯ ᠢ ︽ᠲᠥᠪᠯᠡᠷᠡᠭᠦᠯᠦᠨ ᠭᠦᠢᠴᠡᠳᠬᠡᠬᠦ︾ ᠪᠣᠯᠭᠠᠵᠤ᠂ ᠪᠥᠬᠦ ᠣᠷᠣᠨ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠭᠦᠢᠴᠡᠳᠬᠡᠬᠦ︾ ᠴᠣᠩᠬᠤᠪᠴᠢ 1200 ᠭᠠᠷᠤᠢ ᠭᠠᠷᠭᠠᠵᠤ᠂ 115 ᠵᠦᠢᠯ ᠤᠨ ︽ᠨᠢᠭᠡ ᠶᠠᠪᠤᠳᠠᠯ︾ ᠢ ᠦᠨᠳᠦᠰᠦᠨ ᠳᠤ ᠪᠠᠨ ᠬᠠᠮᠲᠤ ᠳᠤ ᠨᠢ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠪᠡ︔ ︽ᠮᠥᠩᠬᠡ ᠰᠤᠪᠠᠭ︾  ᠰᠢᠯᠵᠢᠮᠡᠯ ᠴᠢᠮᠡᠭᠡ ᠬᠤᠯᠪᠣᠭᠠᠨ ᠤ ᠬᠡᠷᠡᠭᠯᠡᠭᠦᠷ ᠲᠤ ᠦᠨᠡᠨ ᠨᠡᠷ᠎ᠡ ᠪᠠᠷ ᠢᠶᠠᠨ ᠳᠠᠩᠰᠠᠯᠠᠭᠤᠯᠤᠭᠰᠠᠨ ᠬᠡᠷᠡᠭᠯᠡᠭᠴᠢ 1740 ᠲᠦᠮᠡ ᠶᠢ ᠳᠠᠪᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ  ᠫᠷᠣᠭ᠍ᠷᠠᠮ 6300 ᠭᠠᠷᠤᠢ ᠶᠢ ᠨᠡᠭᠡᠭᠡᠵᠦ᠂ ︽ᠪᠠᠭ᠎ᠠ ᠶᠠᠪᠤᠳᠠᠯ ᠢ ᠣᠶᠤᠨᠴᠢ ᠢᠶᠠᠷ ᠭᠦᠢᠴᠡᠳᠬᠡᠬᠦ︾ ︽ᠲᠥᠷᠥ ᠶᠢᠨ ᠪᠣᠳᠣᠯᠭ᠎ᠠ ᠶᠢᠨ ᠠᠪᠳᠠᠷ᠎ᠠ︾ ︽ᠡᠳᠦᠷ ᠲᠤᠲᠤᠮ ᠤᠨ ᠰᠦᠢᠳᠬᠡᠯ ᠲᠤᠰᠢᠶᠠᠬᠤ︾ ᠵᠡᠷᠭᠡ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 21 ᠲᠤᠰᠬᠠᠢ ᠪᠤᠯᠤᠩ ᠢ ᠭᠠᠷᠭᠠᠪᠠ᠃ ᠡᠭᠦᠨ ᠤ ᠬᠠᠮᠲᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠲᠤᠭ᠎ᠠ ᠪᠠᠷᠢᠮᠲᠠ ᠶᠢᠨ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠪᠥᠬᠦ ᠣᠷᠣᠨ ᠤ ᠡᠯᠧᠺᠲᠷᠣᠨ ᠦᠨᠡᠮᠯᠡᠯ ᠤᠨ ᠲᠤᠭ᠎ᠠ ᠪᠠᠷᠢᠮᠲᠠ ᠶᠢ 640 ᠲᠥᠷᠥᠯ ᠤᠨ ᠨᠡᠶᠢᠲᠡ 6980 ᠲᠦᠮᠡᠨ ᠵᠤᠷᠪᠤᠰ ᠴᠤᠭᠯᠠᠭᠤᠯᠤᠨ᠂ ᠬᠠᠮᠲᠤ ᠪᠠᠷ ᠡᠳ᠋ᠯᠡᠵᠦ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ ᠨᠡᠶᠢᠲᠡ 11 ᠳ᠋ᠦᠩᠰᠢᠭᠤᠷ ᠤᠳᠠᠭ᠎ᠠ ᠶᠢ ᠳᠠᠪᠠᠪᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ 12.3 ᠳ᠋ᠦᠩᠰᠢᠭᠤᠷ ᠵᠤᠷᠪᠤᠰ ᠴᠤᠭᠯᠠᠭᠤᠯᠵᠤ᠂ ᠡᠨᠡ ᠵᠢᠯ ᠤᠨ 1 ᠳ᠋ᠦ᠋ᠭᠡᠷ ᠰᠠᠷ᠎ᠠ ᠠᠴᠠ ᠡᠳᠦᠭᠡ ᠭᠥᠷᠳᠡᠯ᠎ᠡ᠂ ᠲᠤᠭ᠎ᠠ ᠪᠠᠷᠢᠮᠲᠠ ᠶᠢ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ 100.29 ᠳ᠋ᠦᠩᠰᠢᠭᠤᠷ ᠤᠳᠠᠭ᠎ᠠ ᠳᠤ ᠬᠦᠷᠴᠡᠢ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ