| 9 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ ᠮᠠᠨ ᠤ ᠬᠤᠲᠠ ᠶᠢᠨ | ᠪᠡᠭᠡᠵᠢᠩ ᠥᠪᠥᠷ ᠮᠣᠩᠭᠤᠯ ︵ᠢ ᠵᠤᠸᠠᠩ · ᠤᠯᠠᠭᠠᠨᠬᠠᠳᠠ︶ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ | ᠬᠦᠷᠢᠶᠡᠯᠡᠩ ᠳᠤ ᠬᠦᠷᠴᠦ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠷᠠᠯᠵᠢᠶᠠᠴᠢᠨ | ᠤᠷᠢᠵᠤ ᠪᠠᠯᠠ ᠲᠠᠲᠠᠬᠤ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | ᠯᠤᠸᠠᠨ ᠲᠢᠶᠠᠨ ᠮᠧᠩ ᠬᠦᠷᠢᠶᠡᠯᠡᠩ ᠲᠣᠭᠤᠷᠢᠭ ᠤᠨ ᠤᠶᠤᠨᠲᠤ ᠦᠵᠡᠭᠦᠯᠭᠡ ᠶᠢᠨ ᠲᠢᠩᠬᠢᠮ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠲᠤᠬᠠᠢ ᠶᠢᠨ ᠲᠠᠯᠠᠪᠠᠢ ᠶᠢ ᠪᠠᠶᠢᠴᠠᠭᠠᠨ ᠦᠵᠡᠪᠡ᠃ ᠲᠡᠷᠡ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠵᠦᠢᠯ ᠤᠨ ᠱᠠᠭᠠᠷᠳᠠᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠨᠡᠶᠢᠰᠯᠡᠯ ᠪᠡᠭᠡᠵᠢᠩ᠂ ᠠᠵᠤ ᠠᠬᠤᠢ ᠶᠢᠨ ᠨᠡᠬᠡᠬᠡᠯᠳᠡ ᠶᠢᠨ ᠣᠷᠣᠨ ᠤ ᠮᠡᠷᠭᠡᠵᠢᠯ᠂ ᠴᠢᠳᠠᠪᠤᠷᠢᠲᠠᠨ᠂ ᠠᠵᠤ ᠦᠢᠯᠡᠰ ᠵᠡᠷᠭᠡ ᠶᠢᠨ | ᠲᠥᠪᠯᠡᠷᠡᠭᠰᠡᠨ ᠳᠠᠪᠠᠭᠤᠯᠢᠭ ᠲᠤ ᠲᠦᠰᠢᠭᠯᠡᠨ᠂ ︽ᠠᠵᠤ ᠠᠬᠤᠶᠢᠯᠠᠯ ᠢ ᠪᠡᠭᠡᠵᠢᠩ ᠳᠤ ᠰᠤᠳᠤᠯᠤᠨ ᠨᠡᠭᠡᠭᠡᠵᠦ᠂ ᠦᠢᠯᠡᠳᠪᠦᠷᠢᠯᠡᠯ ᠢ ᠤᠯᠠᠭᠠᠨᠬᠠᠳᠠ ᠳᠤ | ᠨᠠᠶᠢᠳᠠᠪᠤᠷᠢᠵᠢᠭᠤᠯᠬᠤ︾ ᠰᠡᠳᠬᠢᠴᠡ ᠶᠣᠰᠣᠭᠠᠷ᠂ ᠠᠵᠠ ᠲᠣᠬᠢᠶᠠᠯ ᠢ ᠠᠮᠵᠢᠨ᠂ ᠠᠰᠢᠭᠲᠠᠢ ᠪᠠᠶᠢᠳᠠᠯ ᠢ ᠠᠰᠢᠭᠯᠠᠨ ᠤᠷᠤᠭᠰᠢᠯᠠᠵᠤ᠂ ᠬᠦᠷᠢᠶᠡᠯᠡᠩ ᠲᠣᠭᠤᠷᠢᠭ ᠤᠨ | ᠴᠤᠭᠯᠠᠷᠠᠨ ᠬᠠᠮᠲᠤᠷᠠᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠷᠢᠶᠡᠯᠡᠩ ᠲᠣᠭᠤᠷᠢᠭ ᠤᠨ ᠢᠵᠢ ᠪᠦᠷᠢᠳᠦᠬᠦᠯᠬᠦ ᠦᠢᠯᠡᠴᠢᠯᠡᠭᠡ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠨᠢᠭᠡ ᠪᠦᠯᠦᠭ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ | ᠬᠥᠭᠵᠢᠯᠲᠡ ᠶᠢᠨ ᠴᠢᠳᠠᠪᠬᠢ ᠪᠠᠷ ᠰᠠᠶᠢᠨ ᠠᠮᠢᠳᠤ ᠪᠣᠳᠠᠰ ᠤᠨ ᠮᠡᠷᠭᠡᠵᠢᠯ᠂ ᠲᠣᠮᠣ ᠡᠷᠡᠭᠦᠯ ᠮᠡᠨᠳᠤ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠰᠢᠨ᠎ᠡ ᠡᠨᠧᠷᠭᠢ ᠶᠢᠨ ᠬᠦᠷᠢᠶ᠎ᠡ ᠴᠠᠷᠠᠭ᠎ᠠ ᠶᠢᠨ ᠠᠵᠤ ᠠᠬᠤᠶᠢᠯᠠᠯ ᠢ ᠲᠦᠷᠭᠡᠳᠬᠡᠨ ᠣᠷᠣᠭᠤᠯᠤᠨ ᠠᠪᠴᠢᠷᠠᠬᠤ ᠬᠡᠷᠡᠭᠲᠡᠢ᠃ ᠪᠡᠭᠡᠵᠢᠩ ᠥᠪᠥᠷ ᠮᠣᠩᠭᠤᠯ ︵ᠢ ᠵᠤᠸᠠᠩ | · ᠤᠯᠠᠭᠠᠨᠬᠠᠳᠠ︶ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠨᠢ ᠮᠠᠨ ᠤ ᠬᠤᠲᠠ ᠶᠢᠨ | ᠪᠡᠭᠡᠵᠢᠩ ᠳᠠᠬᠢ ︽ᠠᠵᠤ ᠠᠬᠤᠶ ᠶᠢᠨ ᠣᠨᠴᠠᠭᠠᠶ ᠲᠣᠭᠤᠷᠢᠭ︾ ᠪᠣᠯᠤᠭᠰᠠᠨ ᠤ ᠬᠤᠪᠢ ᠳᠤ᠂ ᠬᠤᠲᠠ ᠶᠢᠨ ᠳᠣᠲᠣᠷᠠᠬᠢ ᠵᠢᠷᠭᠤᠭᠠᠨ ᠶᠡᠭᠡ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠠᠢ ᠬᠠᠷᠢᠯᠴᠠᠨ ᠬᠤᠯᠪᠤᠭᠠᠯᠠᠨ ᠨᠡᠪᠲᠡᠷᠡᠯᠴᠡᠵᠦ᠂ ᠬᠠᠮᠲᠤᠷᠠᠯᠴᠠᠨ ᠬᠠᠮᠵᠢᠯᠴᠠᠵᠤ᠂ ︽6 + 1︾ ᠬᠦᠷᠢᠶᠡᠯᠡᠩ ᠲᠣᠭᠤᠷᠢᠭ ᠤᠨ ᠠᠵᠤ | ᠠᠬᠤᠶ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳᠠᠪᠠᠭᠤᠯᠢᠭ ᠢᠶᠠᠷ ᠤᠯᠠᠭᠠᠨᠬᠠᠳᠠ ᠶᠢᠨ | ᠬᠦᠷᠦᠯᠴᠡᠬᠦ ᠥᠬᠡᠶ ᠲᠠᠯ᠎ᠠ ᠶᠢ ᠨᠥᠬᠦᠪᠥᠷᠢᠯᠡᠵᠦ᠂ ᠤᠯᠠᠭᠠᠨᠬᠠᠳᠠ ᠶᠢᠨ ᠴᠢᠳᠠᠯ ᠢᠶᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠡᠷᠡᠭᠴᠡᠭᠡ ᠶᠢ ᠬᠠᠩᠭᠠᠵᠤ᠂ | ︽ᠬᠤᠤᠰ ᠴᠢᠭᠯᠡᠯᠲᠦ ᠣᠷᠣᠨ ᠠᠯᠤᠰᠯᠠᠭᠰᠠᠨ ᠠᠵᠤ ᠠᠬᠤᠶ︾ ᠶᠢᠨ ᠬᠠᠮᠵᠢᠯᠴᠠᠨ ᠬᠥᠭᠵᠢᠬᠦ ᠰᠢᠨ᠎ᠡ ᠬᠡᠯᠪᠡᠷᠢ ᠶᠢ ᠢᠳᠡᠪᠬᠢᠲᠡᠶ ᠪᠠᠶᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠲᠠ ᠶᠢᠨ ᠳᠡᠳ᠋ ᠳᠠᠷᠤᠭ᠎ᠠ ᠵᠣᠣ ᡁᠢ ᠭᠠᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | |