| ᠠᠷᠤ ᠬᠤᠷᠴᠢᠨ ᠬᠤᠰᠢᠭᠤ ᠪᠥᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠣᠯᠠᠨ ᠲᠦᠮᠡᠨ ᠤ ᠵᠣᠯ | ᠵᠢᠷᠭᠠᠯᠲᠤ ᠠᠮᠢᠳᠤᠷᠠᠯ ᠤᠨ ᠤᠳᠬ᠎ᠠ ᠠᠭᠤᠯᠭ᠎ᠠ ᠶᠢ ᠪᠠᠶᠠᠯᠢᠭᠵᠢᠭᠤᠯᠵᠤ ᠪᠣᠢ᠃ | ᠨᠢᠭᠡ ᠳᠤ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ | ᠠᠬᠢᠭᠤᠯᠪᠠ᠃ ᠠᠷᠤ ᠬᠤᠷᠴᠢᠨ ᠬᠤᠰᠢᠭᠤ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠣᠷᠳᠣᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ | ᠵᠢᠯᠤᠭᠤᠳᠬᠤ ᠠᠵᠢᠯ ᠢ ᠭᠦᠨᠵᠡᠭᠡᠢ ᠥᠷᠨᠢᠭᠦᠯᠵᠦ᠂ ︽ᠶᠢᠰᠦᠳᠦᠭᠡᠷ ᠬᠤᠭᠤᠴᠠᠭᠠᠨ ᠤ ᠠᠭᠤᠳᠠᠮ ᠲᠠᠯᠠᠪᠠᠶ ᠶᠢᠨ ᠪᠥᠵᠢᠭ ᠪᠡᠶ᠎ᠡ ᠴᠢᠭᠢᠷᠠᠭᠵᠢᠭᠤᠯᠬᠤ ᠲᠠᠮᠢᠷ ᠵᠢᠴᠢ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ︾ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ 1000 ᠭᠠᠷᠤᠢ | ᠬᠥᠮᠥᠨ ᠳᠤ ᠲᠦᠭᠡᠮᠡᠯᠵᠢᠭᠦᠯᠪᠡ︔ ᠥᠯᠵᠡᠶᠢᠲᠦ ᠡᠳᠦᠷ ᠤᠨ ᠪᠠᠶᠠᠷ ᠤᠨ ᠶᠠᠩᠭᠠᠷ ᠪᠥᠵᠢᠭ ᠤᠨ ᠤᠷᠤᠯᠳᠤᠭᠠᠨ᠂ ᠢᠳᠡᠷᠡᠭᠦᠨ ᠠᠯᠬᠤᠭ᠎ᠠ᠂ ᠣᠶᠤᠨ ᠤ ᠲᠠᠮᠢᠷ ᠤᠨ | ᠴᠤᠭᠯᠠᠭᠠᠨ᠂ ᠫᠢᠩᠫᠠᠩ ᠪᠥᠮᠪᠦᠭᠡ᠂ ᠥᠳᠥᠨ ᠪᠥᠮᠪᠦᠭᠡ᠂ ᠴᠢᠴᠢᠭᠦᠷ ᠪᠥᠮᠪᠦᠭᠡ᠂ ᠲᠣᠣᠷ ᠪᠥᠮᠪᠦᠭᠡ ᠶᠢᠨ ᠤᠷᠤᠯᠳᠤᠭᠠᠨ ᠵᠡᠷᠭᠡ ᠤᠷᠤᠯᠳᠤᠭᠠᠨ ᠮᠦᠷᠦᠶᠢᠴᠡᠭᠡᠨ ᠤ | ᠠᠵᠢᠯᠯᠠᠭ᠎ᠠ ᠶᠢ 20 ᠭᠠᠷᠤᠢ ᠲᠠᠯᠠᠪᠤᠷ ᠡᠷᠭᠢᠯᠡᠪᠡ︔ ᠨᠠᠰᠤᠲᠠᠶᠢᠴᠤᠳ ᠤᠨ ᠡᠭᠦᠳᠡᠨ ᠪᠥᠮᠪᠦᠭᠡ᠂ ᠰᠤᠷ ᠬᠠᠷᠪᠤᠯᠲᠠ ᠵᠡᠷᠭᠡ ᠶᠢ 10 ᠭᠠᠷᠤᠢ ᠲᠠᠯᠠᠪᠤᠷ ᠡᠷᠭᠢᠯᠡᠵᠦ᠂ | 2023 ᠣᠨ ᠤ ᠳᠡᠭᠡᠷ᠎ᠡ ᠬᠠᠭᠠᠰ ᠵᠢᠯ ᠳᠤ ᠠᠵᠢᠯᠯᠠᠭ᠎ᠠ ᠳᠤ ᠣᠷᠣᠯᠴᠠᠭᠰᠠᠨ ᠬᠥᠮᠥᠨ ᠤ ᠲᠤᠭ᠎ᠠ ᠨᠡᠶᠢᠲᠡ 12000 ᠭᠠᠷᠤᠢ ᠬᠥᠮᠥᠨ ᠤᠳᠠᠭ᠎ᠠ ᠳᠤ ᠬᠦᠷᠴᠡᠢ᠃ | ᠬᠤᠶᠠᠷ ᠲᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠠᠷᠤ ᠬᠤᠷᠴᠢᠨ ᠬᠤᠰᠢᠭᠤ ᠨᠢ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠵᠠᠯᠠᠭᠤᠴᠤᠳ ᠪᠠᠭᠠᠴᠤᠳ ᠤᠨ ᠨᠡᠷᠡᠨ ᠬᠡᠷᠡᠯᠳᠦ ᠪᠡᠶ᠎ᠡ ᠶᠢᠨ | ᠲᠠᠮᠢᠷ ᠤᠨ ᠲᠠᠪᠴᠠᠩ ᠳᠤ ᠣᠷᠣᠯᠴᠠᠬᠤ ᠶᠢ ᠢᠳᠡᠪᠬᠢᠲᠡᠢ ᠠᠬᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠶᠢ ᠡᠷᠭᠢᠯᠡᠬᠦ ᠪᠠ ᠳᠠᠭᠠᠭᠠᠨ ᠡᠷᠭᠢᠯᠡᠬᠦ ᠶᠢ ᠪᠠᠷᠢᠮᠲᠠᠯᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠶᠢᠷ᠎ᠠ ᠳᠤ ᠶᠠᠪᠤᠭᠳᠠᠭᠰᠠᠨ ︽ᠬᠤᠲᠠ ᠶᠢᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ ᠳᠤ ᠠᠷᠤ ᠬᠤᠷᠴᠢᠨ | ᠬᠤᠰᠢᠭᠤᠨ ᠤ ᠴᠢᠪᠠᠭ᠎ᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ᠂ ᠴᠢᠪᠠᠭ᠎ᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠡᠮᠡᠭᠲᠡᠢ ᠶᠢᠨ ᠬᠥᠯ | ᠪᠥᠮᠪᠦᠭᠡ ᠶᠢᠨ ᠠᠩᠭᠢ ᠲᠣᠰ ᠲᠣᠰ ᠳᠡᠳ᠋ᠯᠡᠵᠦ᠂ ᠴᠢᠪᠠᠭ᠎ᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠬᠥᠯ ᠪᠥᠮᠪᠦᠭᠡ ᠶᠢᠨ ᠠᠩᠭᠢ ᠳᠡᠳ᠋ᠯᠡᠪᠡ︔ | ᠴᠢᠪᠠᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠡᠮᠡᠭᠲᠡᠢ ᠶᠢᠨ ᠬᠥᠯ ᠪᠥᠮᠪᠦᠭᠡ ᠶᠢᠨ ᠠᠩᠭᠢ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠭᠤᠷᠪᠠᠳᠤᠭᠠᠷ ᠲᠤ | ᠣᠷᠣᠪᠠ᠃ | ᠭᠤᠷᠪᠠ ᠳᠤ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠨᠴᠠᠯᠢᠭ ᠤᠨ ᠳᠠᠪᠠᠭᠤᠯᠢᠭ ᠢ ᠭᠦᠨᠵᠡᠭᠡᠢ ᠠᠭᠤᠳᠠᠯᠤᠨ ᠢᠯᠡᠷᠡᠭᠦᠯᠪᠡ᠃ ᠵᠢᠯ ᠤᠨ | ᠡᠬᠢᠨ ᠠᠴᠠ ᠨᠠᠰᠢ᠂ ᠠᠷᠤ ᠬᠤᠷᠴᠢᠨ ᠬᠤᠰᠢᠭᠤ ᠨᠢ ᠶᠡᠭᠡ ᠪᠠᠭ᠎ᠠ ᠣᠪᠣᠭ᠎ᠠ ᠶᠢᠨ ᠳᠠᠬᠢᠯᠭ᠎ᠠ᠂ ᠨᠠᠭᠠᠳᠤᠮ ᠤᠨ ᠬᠤᠷᠠᠯ ᠢ 70 ᠭᠠᠷᠤᠢ ᠡᠷᠭᠢᠯᠡᠵᠡᠶ᠃ 2023 | ᠣᠨ ᠤ ᠠᠷᠤ ᠬᠤᠷᠴᠢᠨ ᠬᠤᠰᠢᠭᠤᠨ ᠤ ᠨᠡᠭᠦᠳᠡᠯ ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠨᠡᠭᠦᠳᠡᠯ ᠮᠠᠯᠵᠢᠯ ᠤᠨ ᠪᠠᠭ᠋ᠠᠷᠬᠠᠯ ᠲᠣᠮᠣ ᠬᠡᠯᠪᠡᠷᠢ ᠶᠢᠨ | ᠠᠵᠢᠯᠯᠠᠭ᠎ᠠ᠂ ︽ᠠᠷᠢᠭᠤᠨ ᠲᠠᠭᠰᠢᠨ ᠠᠷᠤ ᠬᠤᠷᠴᠢᠨ︾ 2023 ᠣᠨ ᠤ ᠠᠩᠬᠠᠳᠤᠭᠠᠷ ᠬᠤᠭᠤᠴᠠᠭᠠᠨ ᠤ ᠬᠠᠯᠠᠭᠤᠨ ᠬᠡᠶᠢᠲᠦ ᠪᠥᠮᠪᠦᠭᠡ ᠶᠢᠨ ᠣᠭᠲᠠᠷᠭᠤᠢ ᠳᠠᠬᠢ | ᠠᠶᠠᠯᠠᠯ᠂ ᠠᠩᠬᠠᠳᠤᠭᠠᠷ ᠬᠤᠭᠤᠴᠠᠭᠠᠨ ᠤ ︽ᠠᠷᠤ ᠬᠤᠷᠴᠢᠨ ᠬᠤᠨᠳᠠᠭᠠᠲᠤ︾ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ 2023 ᠣᠨ ᠤ ᠳᠤᠮᠳᠠᠳᠤ | ᠤᠯᠤᠰ ᠤᠨ ᠵᠢᠣᠳᠣᠣ ᠪᠦᠬᠡ ᠶᠢᠨ ᠨᠡᠶᠢᠭᠡᠮᠯᠢᠭ ᠤᠨ ︽ᠠᠷᠤ ᠬᠤᠷᠴᠢᠨ ᠬᠤᠨᠳᠠᠭᠠᠲᠤ︾ ᠬᠤᠪᠢ ᠲᠡᠮᠳᠡᠭᠯᠡᠬᠦ ᠤᠷᠤᠯᠳᠤᠭᠠᠨ᠂ ︽ᠠᠷᠢᠭᠤᠨ ᠲᠠᠭᠰᠢᠨ ᠠᠷᠤ | ᠬᠤᠷᠴᠢᠨ︾ 2023 ᠣᠨ ᠤ ︽ᠳᠤᠮᠳᠠᠳᠤ ᠤᠯᠤᠰ ᠤᠨ ᠡᠪᠡᠰᠦᠨ ᠤ ᠲᠥᠪ︾ ᠠᠩᠬᠠᠳᠤᠭᠠᠷ ᠬᠤᠭᠤᠴᠠᠭᠠᠨ ᠤ ᠵᠠᠰᠠᠮᠠᠯ ᠵᠠᠮ ᠤᠨ ᠳᠤᠭᠤᠢ ᠲᠡᠷᠭᠡᠨ ᠤ | ᠤᠷᠤᠯᠳᠤᠭᠠᠨ ᠵᠢᠴᠢ ᠰᠠᠭᠠᠳ ᠳᠠᠪᠠᠭ᠋ᠤ ᠤᠷᠤᠯᠳᠤᠭᠠᠨ ᠵᠡᠷᠭᠡ ᠶᠢ ᠡᠷᠬᠢᠯᠡᠨ ᠶᠠᠪᠤᠭᠳᠠᠭᠤᠯᠵᠤ᠂ ᠣᠷᠣᠨ ᠨᠤᠲᠤᠭ ᠤᠨ ᠰᠣᠶᠣᠯ ᠵᠤᠭᠠᠴᠠᠯ ᠤᠨ ᠠᠵᠤ ᠠᠬᠤᠢ ᠶᠢ | ᠳᠡᠭᠡᠭᠰᠢᠯᠡᠭᠦᠯᠬᠦ ᠶᠢᠨ ᠬᠠᠮᠲᠤ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠬᠤ ᠬᠠᠯᠠᠭᠤᠨ ᠰᠡᠳᠬᠢᠯᠭᠡ ᠶᠢ ᠦᠷᠭᠦᠯᠵᠢᠯᠡᠨ ᠬᠥᠭᠵᠢᠭᠡᠵᠦ᠂ | ᠥᠷᠭᠡᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠬᠤ ᠶᠢ ᠳᠠᠶᠢᠴᠢᠯᠠᠪᠠ᠃ ︵ᠰᠠᠷᠠᠭᠤᠯ︶ | | | |