| ᠨᠢᠭᠡ ᠳᠤ ᠳᠦᠷᠢᠮ ᠤᠨ ᠪᠠᠶᠢᠭᠤᠯᠤᠯᠲᠠ ᠶᠢ ᠲᠤᠪᠤᠶᠢᠯᠭᠠᠵᠤ᠂ ᠰᠢᠭᠦᠬᠦ ᠠᠵᠢᠯ ᠤᠨ ᠶᠠᠪᠤᠴᠠ ᠶᠢ ᠵᠢᠷᠤᠮᠵᠢᠭᠤᠯᠪᠠ᠃ ︽ᠨᠢᠩᠴᠧᠩ ᠰᠢᠶᠠᠨ ᠤ ᠬᠢᠨᠠᠨ ᠪᠤᠳᠤᠬᠤ | ᠲᠣᠪᠴᠢᠶ᠎ᠠ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠴᠤᠪᠤᠷᠠᠯ︾᠂ ︽ᠨᠢᠩᠴᠧᠩ ᠰᠢᠶᠠᠨ ᠤ ᠬᠢᠨᠠᠨ ᠪᠤᠳᠤᠵᠤ ᠴᠡᠭᠴᠡᠯᠡᠨ ᠥᠭᠡᠷᠡᠴᠢᠯᠡᠬᠦ ᠠᠵᠢᠯ ᠤᠨ ᠠᠷᠭ᠎ᠠ︾ | ᠂ ︽ᠰᠢᠭᠦᠬᠦ ᠺᠣᠮᠢᠰ ᠤᠨ ᠠᠵᠢᠯᠯᠠᠬᠤ ᠳᠦᠷᠢᠮ︾ ᠪᠠ ︽ᠬᠢᠨᠠᠨ ᠬᠠᠷᠭᠤᠭᠤᠯᠵᠤ ᠲᠠᠬᠢᠨ ᠬᠢᠨᠠᠵᠤ ᠰᠢᠭᠦᠬᠦ ᠠᠷᠭ᠎ᠠ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ ᠠᠵᠢᠯ ᠤᠨ ᠴᠤᠪᠤᠷᠠᠯ᠂ ᠠᠵᠢᠯ ᠤᠨ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠣᠲᠣ ᠪᠣᠯᠲᠠᠯ᠎ᠠ᠂ | ᠲᠥᠰᠥᠪ ᠤᠨ ᠭᠦᠢᠴᠡᠳᠭᠡᠯᠲᠡ ᠶᠢᠨ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠨᠡᠶᠢᠲᠡ 11 ᠰᠢᠯᠭᠠᠷᠠᠭᠤᠯᠵᠤ᠂ 4 ᠰᠢᠯᠢᠳᠡᠭ ᠮᠡᠳᠡᠭᠦᠯᠦᠯᠲᠡ᠂ 1 ᠠᠨᠠᠢ | ᠮᠡᠳᠡᠭᠦᠯᠦᠯᠲᠡ ᠶᠢ ᠰᠢᠯᠭᠠᠷᠠᠭᠤᠯᠪᠠ᠃ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠨᠡᠶᠢᠲᠡ 10 ᠰᠢᠯᠭᠠᠷᠠᠭᠤᠯᠵᠤ᠂ 3 | ᠰᠢᠯᠢᠳᠡᠭ ᠮᠡᠳᠡᠭᠦᠯᠦᠯᠲᠡ᠂ 1 ᠠᠨᠠᠢ ᠮᠡᠳᠡᠭᠦᠯᠦᠯᠲᠡ ᠶᠢ ᠰᠢᠯᠭᠠᠷᠠᠭᠤᠯᠪᠠ᠃ | ᠬᠤᠶᠠᠷ ᠲᠤ ᠪᠣᠭᠤᠮᠲᠠ ᠶᠢ ᠤᠷᠤᠭᠰᠢ ᠰᠢᠯᠵᠢᠭᠦᠯᠬᠦ ᠶᠢ ᠳᠣᠪᠤᠶᠢᠯᠭᠠᠵᠤ᠂ ᠪᠥᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠪᠠ᠃ ᠬᠢᠨᠠᠨ | ᠪᠣᠳᠣᠯᠲᠠ ᠶᠢᠨ ᠵᠦᠢᠯᠡᠰ ᠢ ᠬᠡᠷᠡᠭᠵᠢᠭᠦᠯᠵᠦ ᠳᠠᠭᠤᠰᠤᠭᠰᠠᠨ ᠤ ᠲᠠᠷᠠᠭ᠎ᠠ᠂ ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠰᠠᠨᠠᠯ ᠬᠤᠷᠢᠶᠠᠬᠤ ᠨᠣᠣᠷᠠᠭ ᠢ ᠰᠢᠭᠦᠬᠦ | ᠭᠤᠭᠴᠤᠭ᠎ᠠ ᠶᠢ ᠨᠡᠮᠡᠵᠦ᠂ ᠨᠢᠭᠡᠳᠦᠭᠡᠷ ᠤᠳᠠᠭ᠎ᠠ ᠶᠢᠨ ᠰᠢᠭᠦᠯᠲᠡ ᠶᠢ ᠪᠡᠶᠡᠯᠡᠭᠦᠯᠦᠨ᠎ᠡ᠃ ᠬᠠᠤᠯᠢ ᠲᠣᠭᠲᠠᠭᠠᠯ ᠤᠨ ᠰᠢᠭᠦᠯᠲᠡ ᠶᠢᠨ ᠲᠠᠰᠤᠭ ᠠᠩᠬ᠎ᠠ ᠠᠯᠬᠤᠮ ᠤᠨ | ᠰᠢᠭᠦᠯᠲᠡ ᠶᠢᠨ ᠰᠠᠨᠠᠯ ᠢ ᠬᠢᠨᠠᠨ ᠪᠤᠳᠤᠬᠤ ᠳᠤᠭᠤᠶᠢᠯᠠᠩ ᠳᠤ ᠬᠠᠷᠢᠭᠤ ᠲᠤᠰᠬᠠᠵᠤ᠂ ᠬᠢᠨᠠᠨ ᠪᠤᠳᠤᠬᠤ ᠳᠤᠭᠤᠶᠢᠯᠠᠩ ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠰᠠᠨᠠᠯ | ᠬᠤᠷᠢᠶᠠᠬᠤ ᠨᠣᠣᠷᠠᠭ ᠢ ᠲᠡᠭᠦᠯᠳᠡᠷᠵᠢᠭᠦᠯᠬᠦ ᠶᠢᠨ ᠬᠠᠮᠲᠤ ᠬᠢᠨᠠᠨ ᠪᠤᠳᠤᠭᠳᠠᠵᠦ ᠪᠠᠶᠢᠭ᠎ᠠ ᠨᠢᠭᠡᠴᠢ ᠶᠢᠨ ᠰᠠᠨᠠᠯ ᠢ ᠬᠤᠷᠢᠶᠠᠭᠰᠠᠨ ᠤ ᠲᠠᠷᠠᠭ᠎ᠠ᠂ ᠰᠠᠨᠠᠯ ᠢ ᠬᠦᠯᠢᠶᠡᠨ | ᠠᠪᠤᠭᠰᠠᠨ ᠪᠠᠶᠢᠳᠠᠯ ᠪᠠ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠬᠠᠤᠯᠢ ᠲᠣᠭᠲᠠᠭᠠᠯ ᠤᠨ ᠰᠢᠭᠦᠯᠲᠡ ᠶᠢᠨ ᠲᠠᠰᠤᠭ ᠲᠤ ᠲᠠᠬᠢᠨ ᠬᠦᠷᠭᠡᠵᠦ ᠬᠤᠶᠠᠳᠠᠭᠢ | ᠤᠳᠠᠭᠠᠨ ᠤ ᠰᠢᠭᠦᠯᠲᠡ ᠬᠢᠯᠭᠡᠵᠦ᠂ ︽ᠨᠢᠭᠡ ᠤᠳᠠᠭᠠᠨ ᠤ ᠰᠢᠭᠦᠯᠲᠡ︾ ᠶᠢ ︽ᠬᠤᠶᠠᠳᠠᠭᠢ ᠤᠳᠠᠭᠠᠨ ᠤ ᠰᠢᠭᠦᠯᠲᠡ︾ ᠪᠣᠯᠭᠠᠨ ᠬᠤᠪᠢᠷᠠᠭᠤᠯᠪᠠ᠃ | ᠭᠤᠷᠪᠠ ᠳᠤ ᠶᠠᠰᠤ ᠴᠢᠨᠠᠷ ᠤᠨ ᠪᠠᠶᠢᠴᠠᠭᠠᠯᠲᠠ ᠶᠢ ᠲᠤᠪᠤᠶᠢᠯᠭᠠᠵᠤ᠂ ᠰᠢᠭᠦᠨ ᠰᠢᠢᠳᠪᠦᠷᠢᠯᠡᠬᠦ ᠬᠤᠷᠠᠯᠳᠤᠭᠠᠨ ᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ | ᠳᠡᠭᠡᠳᠦ ᠱᠠᠲᠤᠨ ᠤ ᠳᠦᠷᠢᠮ ᠢ ᠦᠨᠳᠦᠰᠦᠯᠡᠨ ᠰᠢᠭᠦᠬᠦ ᠬᠤᠷᠠᠯᠳᠤᠭᠠᠨ ᠠᠴᠠ ᠰᠢᠭᠦᠭᠰᠡᠨ ᠤ ᠳᠠᠷᠠᠭᠠᠬᠢ ᠬᠢᠨᠠᠨ ᠪᠣᠳᠣᠯᠲᠠ ᠶᠢᠨ ᠮᠡᠳᠡᠭᠦᠯᠦᠯᠲᠡ᠂ ᠬᠢᠨᠠᠨ | ᠪᠣᠳᠣᠯᠲᠠ ᠶᠢᠨ ᠲᠣᠭᠲᠠᠭᠠᠯ ᠵᠡᠷᠭᠡ ᠣᠷᠣᠯᠠᠨ ᠲᠤᠭᠤᠷᠪᠢᠭᠰᠠᠨ ᠨᠣᠣᠷᠠᠭ᠂ ᠢᠯᠠᠩᠭᠤᠶ᠎ᠠ ᠠᠰᠠᠭᠤᠳᠠᠯ ᠤᠨ ᠰᠢᠨᠵᠢ ᠴᠢᠨᠠᠷ ᠢ ᠲᠣᠭᠲᠠᠭᠠᠬᠤ ᠪᠠ ᠰᠢᠢᠳᠪᠦᠷᠢᠯᠡᠬᠦ | ︵ᠰᠢᠳᠬᠡᠬᠦ︶᠂ ᠬᠢᠨᠠᠨ ᠪᠣᠳᠣᠯᠲᠠ ᠶᠢ ᠰᠢᠯᠵᠢᠭᠦᠯᠦᠨ ᠬᠦᠷᠭᠡᠬᠦ ᠶᠢ ᠬᠠᠮᠲᠤ ᠪᠠᠷ ᠰᠤᠳᠤᠯᠵᠤ ᠬᠢᠨᠠᠨ ᠲᠣᠭᠲᠠᠭᠠᠨ᠎ᠠ᠃ ᠬᠢᠨᠠᠨ ᠪᠤᠳᠤᠬᠤ ᠶᠠᠪᠤᠴᠠ ᠳᠤ ᠴᠢᠬᠤᠯᠠ ᠶᠡᠭᠡ | ᠬᠦᠴᠢᠷ ᠲᠦᠪᠡᠭᠲᠡᠢ ᠠᠰᠠᠭᠤᠳᠠᠯ ᠣᠷᠣᠰᠢᠵᠤ ᠪᠠᠶᠢᠪᠠᠯ᠂ ᠬᠢᠨᠠᠨ ᠪᠤᠳᠤᠬᠤ ᠳᠤᠭᠤᠶᠢᠯᠠᠩ ᠠᠴᠠ ᠰᠢᠭᠦᠬᠦ ᠺᠣᠮᠢᠰ ᠲᠤ ᠭᠤᠶᠤᠴᠢᠯᠠᠯ ᠭᠠᠷᠭᠠᠵᠤ᠂ | ᠵᠥᠪᠰᠢᠶᠡᠷᠡᠭᠦᠯᠦᠭᠰᠡᠨ ᠤ ᠲᠠᠷᠠᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ᠎ᠠ᠃ ᠡᠳᠦᠷ ᠲᠤᠲᠤᠮ ᠤᠨ ᠰᠢᠭᠦᠨ ᠰᠢᠢᠳᠪᠦᠷᠢᠯᠡᠬᠦ ᠬᠥᠮᠥᠨ ᠤ ᠲᠤᠭ᠎ᠠ | ᠵᠢᠴᠢ ᠬᠢᠨᠠᠨ ᠪᠤᠳᠤᠬᠤ ᠲᠥᠷᠥᠯ ᠵᠦᠢᠯ ᠤᠨ ᠡᠷᠴᠢᠮ ᠢ ᠴᠢᠩᠭᠠᠷᠠᠭᠤᠯᠤᠭᠰᠠᠨ ᠰᠠᠭᠤᠷᠢᠨ ᠳᠡᠭᠡᠷ᠎ᠡ᠂ ᠵᠢᠯ ᠪᠦᠷᠢ ᠨᠠᠭᠠᠲᠤ ᠵᠠᠬ᠎ᠠ ᠳᠠᠭᠠᠨ ᠬᠤᠶᠠᠷ ᠤᠳᠠᠭ᠎ᠠ | ᠥᠪᠡᠷ ᠢᠶᠠᠨ ᠪᠠᠶᠢᠴᠠᠭᠠᠬᠤ᠂ ᠰᠤᠭᠤᠴᠢᠨ ᠪᠠᠶᠢᠴᠠᠭᠠᠬᠤ ᠪᠠ ᠭᠤᠣᠯᠳᠠᠯᠭ᠎ᠠ ᠲᠠᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠪᠥᠬᠦ ᠵᠢᠯ ᠤᠨ ᠬᠢᠨᠠᠨ | ᠪᠤᠳᠤᠬᠤ ᠲᠥᠷᠥᠯ ᠵᠦᠢᠯ ᠤᠨ ᠬᠡᠷᠡᠭ ᠤᠨ ᠡᠪᠬᠡᠮᠡᠯ ᠢ ᠳᠠᠬᠢᠨ ᠪᠠᠶᠢᠴᠠᠭᠠᠨ᠎ᠠ᠃ | ᠳᠥᠷᠪᠡ ᠳᠤ ᠬᠡᠪ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠲᠤᠪᠤᠶᠢᠯᠭᠠᠵᠤ᠂ ᠰᠤᠳᠤᠯᠭᠠᠨ ᠤ ᠬᠡᠯᠪᠡᠷᠢ ᠶᠢᠨ ᠰᠢᠭᠦᠯᠲᠡ ᠶᠢ ᠪᠣᠳᠠᠲᠠᠶᠢᠵᠢᠭᠤᠯᠤᠨ | ᠨᠠᠷᠢᠯᠢᠭ ᠬᠢᠪᠡ᠃ ᠰᠢᠭᠦᠨ ᠰᠢᠢᠳᠪᠦᠷᠢᠯᠡᠬᠦ ᠦᠢᠯᠡᠳᠦᠯᠭᠡ ᠶᠢᠨ ᠳᠤᠮᠳᠠ ︽ᠤᠷᠢᠳ ᠢᠶᠠᠷ ᠰᠤᠳᠤᠯᠵᠤ᠂ ᠰᠤᠳᠤᠯᠤᠭᠰᠠᠨ ᠤ ᠤᠯᠠᠮ ᠠᠴᠠ ᠬᠡᠷᠡᠭᠯᠡᠬᠦ︾ ᠶᠢ ᠪᠠᠷᠢᠮᠲᠠᠯᠠᠪᠠ᠃ | ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠳᠤᠯᠭᠠᠨ ᠢ ᠴᠢᠬᠤᠯᠠᠴᠢᠯᠠᠵᠤ᠂ ᠣᠨ ᠤ ᠬᠢᠨᠠᠨ ᠪᠤᠳᠤᠬᠤ ᠵᠦᠢᠯᠡᠰ ᠲᠠᠢ ᠤᠶᠠᠯᠳᠤᠭᠤᠯᠤᠨ᠂ ᠬᠠᠤᠯᠢ | ᠴᠠᠭᠠᠵᠠ ᠬᠠᠤᠯᠢ ᠲᠣᠭᠲᠠᠭᠠᠯ ᠢ ᠬᠦᠴᠦᠨ ᠦᠭᠡᠢ ᠪᠣᠯᠭᠠᠭᠰᠠᠨ᠂ ᠵᠠᠰᠠᠪᠤᠷᠢ ᠣᠷᠣᠭᠤᠯᠤᠭᠰᠠᠨ᠂ ᠰᠢᠨᠡᠳᠬᠡᠭᠰᠡᠨ᠂ ᠬᠤᠪᠢᠷᠠᠭᠤᠯᠤᠭᠰᠠᠨ ᠪᠠᠶᠢᠳᠠᠯ ᠢ ᠴᠠᠭ ᠲᠤᠬᠠᠢ ᠳᠤᠨᠢ | ᠣᠶᠢᠯᠠᠭᠠᠵᠤ᠂ ᠬᠠᠤᠯᠢ ᠲᠣᠭᠲᠠᠭᠠᠯ ᠢ ᠡᠰᠢᠯᠡᠨ ᠬᠡᠷᠡᠭᠯᠡᠬᠦ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠬᠢᠨᠠᠨ ᠪᠤᠳᠤᠬᠤ ᠵᠦᠢᠯᠡᠰ ᠢ ᠡᠬᠢ ᠡᠭᠦᠰᠦᠯ ᠠᠴᠠ ᠨᠢ | ᠡᠵᠡᠮᠳᠡᠬᠦ ᠶᠢ ᠴᠢᠩᠭᠠᠳᠬᠠᠵᠤ᠂ ᠬᠢᠨᠠᠨ ᠪᠤᠳᠤᠬᠤ ᠵᠦᠢᠯᠡᠰ ᠤᠨ ᠲᠥᠯᠥᠪᠯᠡᠭᠡ ᠶᠢ ᠲᠣᠭᠲᠠᠭᠠᠬᠤ᠂ ᠬᠢᠨᠠᠨ ᠪᠤᠳᠤᠬᠤ ᠮᠡᠳᠡᠭᠳᠡᠯ ᠤᠨ ᠪᠢᠴᠢᠭ ᠢ ᠳᠠᠷᠤᠮᠠᠯᠯᠠᠨ ᠲᠠᠷᠬᠠᠭᠠᠬᠤ᠂ | ᠬᠢᠨᠠᠨ ᠪᠤᠳᠤᠬᠤ ᠶᠢ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠵᠡᠷᠭᠡ ᠵᠠᠩᠭᠢᠯᠠᠭ᠎ᠠ ᠳᠤ᠂ ᠰᠢᠭᠦᠬᠦ ᠠᠵᠢᠯᠲᠠᠨ ᠬᠢᠨᠠᠨ ᠪᠤᠳᠤᠬᠤ ᠶᠠᠰᠤ ᠴᠢᠨᠠᠷ ᠢ ᠪᠠᠲᠤᠯᠠᠬᠤ | ᠰᠠᠨᠠᠯ ᠰᠠᠨᠠᠭᠤᠯᠭ᠎ᠠ ᠶᠢ ᠤᠷᠢᠳᠴᠢᠯᠠᠨ ᠳᠤᠷᠠᠳᠤᠨ ᠭᠠᠷᠭᠠᠪᠠ᠃ ᠰᠢᠭᠦᠨ ᠰᠢᠢᠳᠪᠦᠷᠢᠯᠡᠬᠦ ᠶᠠᠪᠤᠴᠠ ᠳᠤ ᠰᠢᠯᠢᠳᠡᠭ ᠬᠢᠨᠠᠨ ᠪᠤᠳᠤᠬᠤ ᠵᠦᠢᠯᠡᠰ ᠤᠨ ᠡᠬᠢ ᠪᠠᠶᠠᠯᠢᠭ ᠢ | ᠠᠭᠤᠳᠠᠯᠤᠨ ᠪᠣᠶᠢᠵᠢᠭᠤᠯᠬᠤ ᠶᠢ ᠪᠠᠷᠢᠮᠲᠠᠯᠠᠵᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠰᠢᠯᠢᠳᠡᠭ ᠬᠢᠨᠠᠨ ᠪᠤᠳᠤᠬᠤ ᠵᠦᠢᠯᠡᠰ ᠤᠨ ᠲᠤᠷᠰᠢᠯᠭ᠎ᠠ ᠶᠢ | ᠵᠣᠬᠢᠶᠠᠨ ᠪᠠᠶᠢᠭᠤᠯᠤᠨ ᠬᠤᠪᠢᠶᠠᠯᠴᠠᠵᠤ᠂ ᠰᠢᠯᠢᠳᠡᠭ ᠢ ᠡᠭᠦᠳᠬᠦ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ | |