| ᠨᠢᠭᠡ ᠳᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠬᠤᠪᠢ ᠨᠡᠮᠡᠷᠢ ᠶᠢᠨ ᠨᠤᠷᠮ᠎ᠠ ᠲᠠᠰᠤᠷᠠᠯᠲᠠ ᠦᠭᠡᠢ ᠳᠡᠭᠡᠭᠰᠢᠯᠡᠪᠡ᠃ 8 ᠰᠠᠷ᠎ᠠ ᠶᠢᠨ ᠰᠡᠭᠦᠯᠴᠢ | ᠪᠣᠯᠲᠠᠯ᠎ᠠ᠂ ᠠᠤᠬᠠᠨ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 41.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.45% ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ 29 ᠠᠵᠤ ᠦᠢᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ | ᠠᠰᠢᠭᠯᠠᠯᠲᠠ ᠳᠤ ᠣᠷᠣᠵᠤ ᠠᠵᠢᠯᠯᠠᠪᠠ᠃ | ᠬᠤᠶᠠᠷ ᠲᠤ᠂ ᠲᠤᠯᠭᠠᠭᠤᠷᠢ ᠠᠵᠤ ᠦᠢᠯᠡᠰ ᠤᠨ ᠬᠡᠪᠴᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ᠤᠯᠠᠭᠠᠨᠬᠠᠳᠠ ᠶᠢᠨ ᠵᠢᠯᠦ᠋ᠩ ᠠᠭᠤᠷᠬᠠᠶ ᠶᠢᠨ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠤᠸᠠᠨ ᠱᠠᠨ ᠽᠢ ᠠᠯᠲᠠᠨ ᠤ ᠠᠭᠤᠷᠬᠠᠶ ᠶᠢᠨ ᠵᠢᠯ ᠳᠤ 18 ᠲᠦᠮᠡᠨ ᠲᠣᠨ ᠠᠯᠲᠠᠨ ᠤ ᠬᠦᠳᠡᠷ ᠰᠣᠩᠭᠤᠵᠤ | ᠥᠷᠭᠡᠳᠬᠡᠨ ᠪᠠᠶᠢᠭᠤᠯᠬᠤ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠵᠦ᠂ ᠬᠤᠸᠠ ᠷᠦᠢ ᠰᠠᠯᠬᠢᠨ ᠬᠦᠴᠦᠨ ᠤ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ︵ | ᠠᠤᠬᠠᠨ ᠬᠤᠰᠢᠭᠤ︶ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠺᠢᠯᠣᠸᠠᠲ ᠤᠨ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠦᠢᠯᠡᠳᠪᠦᠷᠢᠯᠡᠵᠦ᠂ ᠤᠯᠠᠭᠠᠨᠬᠠᠳᠠ ᠶᠢᠨ ᠯᠦᠩ ᠲᠠᠢ ᠳ᠋ᠢ ᠳᠠᠮᠵᠢᠭᠤᠯᠬᠤ ᠬᠤᠭᠤᠯᠠᠶ ᠶᠢᠨ | ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠦᠢᠯᠡᠳᠪᠦᠷᠢᠯᠡᠬᠦ ᠳᠠᠷᠤᠯᠲᠠᠲᠤ ᠳᠠᠮᠵᠢᠭᠤᠯᠬᠤ ᠬᠤᠭᠤᠯᠠᠶ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ᠂ ᠠᠤᠬᠠᠨ ᠬᠤᠰᠢᠭᠤᠨ ᠤ ᠷᠦᠢ ᠢᠦᠶ ᠠᠭᠤᠷᠬᠠᠶ ᠶᠢᠨ ᠦᠢᠯᠡᠰ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ | ᠦᠢᠯᠡᠳᠪᠦᠷᠢ ᠰᠣᠩᠭᠤᠬᠤ ᠦᠢᠯᠡᠳᠪᠦᠷᠢ ᠶᠢᠨ ᠲᠠᠰᠤᠭ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠱᠢ ᠶᠤᠸᠠᠢ | ᠳ᠋ᠣᠣ ᠲᠢᠶᠠᠨ ︵ᠠᠣᠬᠠᠨ ᠬᠤᠰᠢᠭᠤ︶ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 7 ᠲᠦᠮᠡᠨ ᠲᠣᠨ ᠨᠠᠷᠢᠮᠤ ᠶᠢᠨ | ᠦᠢᠯᠡᠳᠪᠦᠷᠢᠯᠡᠯ ᠤᠨ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠲᠥᠷᠥᠯ ᠵᠦᠢᠯ ᠨᠢ ᠠᠤᠬᠠᠨ ᠬᠤᠰᠢᠭᠤᠨ ᠤ ᠠᠵᠤ ᠦᠢᠯᠡᠰ ᠤᠨ | ᠲᠥᠪᠯᠡᠷᠡᠯ ᠳᠤ ᠴᠢᠬᠤᠯᠠ ᠶᠡᠭᠡ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃ | ᠭᠤᠷᠪᠠ ᠳᠤ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠳᠦᠷ ᠠᠴᠠ ᠡᠳᠦᠷ ᠰᠢᠨᠡᠳᠬᠡᠪᠡ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠩᠭᠡᠨ ᠠᠵᠤ ᠦᠢᠯᠡᠳᠪᠦᠷᠢ ᠶᠢᠨ ᠦᠢᠯᠡᠳᠬᠦ ᠠᠵᠤ ᠦᠢᠯᠡᠰ ᠤᠨ ᠬᠦᠷᠢᠶᠡᠯᠡᠩ᠂ | ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠴᠡᠪᠡᠷ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ | ᠵᠡᠷᠭᠡ ᠠᠵᠤ ᠦᠢᠯᠡᠰ ᠤᠨ ᠰᠦᠷᠦᠭᠵᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠥᠪᠥᠷ ᠮᠣᠩᠭᠤᠯ ᠤᠨ ᠨᠦᠩ ᠯᠣᠣ ᠲᠧᠦ ᠬᠥᠭᠵᠢᠭᠦᠯᠦᠯᠲᠡ ᠶᠢᠨ | ᠬᠢᠵᠠᠭᠠᠷᠲᠤ ᠺᠣᠮᠫᠠᠨᠢ ᠶᠢᠨ ᠱᠤᠸᠠᠩ ᠴᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠨᠣᠮᠧᠷᠲᠤ | ᠦᠢᠯᠡᠳᠪᠦᠷᠢ ᠶᠢᠨ ᠪᠠᠶᠢᠰᠢᠩ ᠤᠨ ᠰᠢᠯᠦᠬᠡᠶ ᠡᠷᠳᠡᠨᠢ ᠰᠢᠰᠢ ᠵᠢᠮᠢᠰ ᠪᠣᠯᠪᠠᠰᠤᠷᠠᠭᠤᠯᠬᠤ ᠲᠥᠷᠥᠯ ᠵᠦᠢᠯ᠂ ᠤᠯᠠᠭᠠᠨᠬᠠᠳᠠ ᠶᠢᠨ ᠮᠧᠩ ᠴᠠᠩ ᠮᠢᠬᠠᠨ ᠢᠳᠡᠭᠡᠨ | ᠪᠣᠷᠣᠯᠠᠭᠤᠯᠬᠤ ᠬᠢᠵᠠᠭᠠᠷᠲᠤ ᠺᠣᠮᠫᠠᠨᠢ ᠶᠢᠨ ᠢᠳᠡᠰᠢᠨ ᠬᠤᠨᠢ ᠨᠢᠲᠤᠯᠬᠤ ᠵᠢᠴᠢ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠦᠷᠦᠯ ᠵᠦᠢᠯ᠂ ᠥᠪᠥᠷ ᠮᠣᠩᠭᠤᠯ ᠤᠨ | ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 3 ᠲᠦᠮᠡᠨ ᠲᠣᠨ | ᠬᠦᠢᠯᠡᠰᠦᠨ ᠴᠥᠮ᠎ᠡ ᠶᠢᠨ ᠤᠮᠳᠠᠭᠠᠨ ᠦᠢᠯᠡᠳᠪᠦᠷᠢᠯᠡᠬᠦ᠂ 1 ᠲᠦᠮᠡᠨ ᠲᠣᠨ ᠴᠢᠴᠠᠷᠭᠠᠨ᠎ᠠ ᠶᠢᠨ ᠤᠮᠳᠠᠭᠠᠨ ᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ | ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠠᠤᠬᠠᠨ ᠬᠤᠰᠢᠭᠤᠨ ᠤ ᠭᠤᠣᠯᠯᠠᠭᠴᠢ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠢ ᠴᠢᠨᠠᠭᠰᠢᠳᠠ ᠴᠢᠩᠭᠠᠳᠬᠠᠬᠤ | ᠪᠣᠯᠤᠨ᠎ᠠ᠃ | |