| ᠢᠳᠡᠰᠢᠨ ᠦᠬᠡᠷ ᠲᠡᠵᠢᠭᠡᠨ ᠦᠷᠡᠵᠢᠭᠦᠯᠬᠦ ᠨᠢ ᠠᠤᠬᠠᠨ ᠬᠤᠰᠢᠭᠤᠨ ᠤ ᠭᠤᠷᠪᠠᠨ ᠲᠣᠮᠣ ᠭᠤᠤᠯᠯᠠᠬᠤ ᠠᠵᠤ ᠦᠢᠯᠡᠰ ᠤᠨ ᠨᠢᠭᠡ ᠪᠣᠯᠤᠭᠰᠠᠨ ᠤ ᠬᠤᠪᠢ ᠳᠤ᠂ | ᠠᠤᠬᠠᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠪᠦᠬᠦ ᠬᠤᠰᠢᠭᠤᠨ ᠤ ᠢᠳᠡᠰᠢᠨ | ᠦᠬᠡᠷ ᠤᠨ ᠠᠵᠤ ᠦᠢᠯᠡᠰ ᠤᠨ ᠰᠦᠷᠦᠭᠵᠢᠯ ᠤᠨ ᠨᠡᠮᠡᠭᠳᠡᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠠᠵᠤ ᠦᠢᠯᠡᠰ ᠤᠨ ᠬᠠᠮᠤᠷᠬᠤ ᠬᠡᠪᠴᠢᠶ᠎ᠡ ᠶᠢ | ᠳᠡᠭᠡᠭᠰᠢᠯᠡᠭᠦᠯᠵᠦ᠂ ᠨᠠᠩ ᠣᠯᠠᠨ ᠮᠠᠯᠴᠢᠨ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠢᠳᠡᠰᠢᠨ ᠦᠬᠡᠷ ᠲᠡᠵᠢᠭᠡᠨ ᠦᠷᠡᠵᠢᠭᠦᠯᠵᠦ᠂ ᠠᠤᠬᠠᠨ | ᠬᠤᠰᠢᠭᠤᠨ ᠤ ᠬᠢᠨ 2023 ᠣᠨ ᠳᠤ ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢ ᠬᠥᠭᠵᠢᠭᠦᠯᠵᠦ᠂ ᠠᠣᠬᠠᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ︽ᠠᠤᠬᠠᠨ ᠬᠤᠰᠢᠭᠤᠨ ᠤ ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢᠨ ᠲᠥᠷᠥᠯ ᠵᠦᠢᠯ ᠢ ᠬᠡᠷᠡᠭᠵᠢᠭᠦᠯᠬᠦ ᠲᠥᠰᠦᠯ︾ ᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠤᠳᠤᠷᠢᠳᠤᠯᠭ᠎ᠠ ᠨᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢᠨ ᠲᠥᠷᠥᠯ ᠵᠦᠢᠯ ᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠳᠥᠯᠭᠢᠨ ᠠᠬᠢᠭᠤᠯᠪᠠ᠃ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠠᠣᠬᠠᠨ ᠬᠤᠰᠢᠭᠤᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠬᠠᠮᠢᠶ᠎ᠠ ᠪᠥᠬᠦᠶ ᠰᠠᠯᠠᠭ᠎ᠠ | ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢᠨ ᠲᠥᠷᠥᠯ ᠵᠦᠢᠯ ᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠠᠬᠢᠭᠤᠯᠪᠠ᠃ ᠡᠯ᠎ᠡ ᠰᠢᠶᠠᠩ ᠪᠠᠯᠭᠠᠰᠤ ᠰᠤᠮᠤ ᠶᠢᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠵᠤ᠂ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠲᠤᠰᠬᠠᠶ ᠬᠥᠮᠦᠨ ᠢᠶᠠᠷ ᠪᠣᠳᠠᠲᠠᠶ ᠬᠠᠷᠢᠭᠤᠴᠠᠭᠤᠯᠬᠤ ᠶᠢ ᠲᠣᠳᠣᠷᠬᠠᠶᠢᠯᠠᠨ᠂ ᠠᠵᠢᠯ ᠤᠨ ᠤᠷᠤᠭᠰᠢᠲᠠᠶ ᠶᠠᠪᠤᠭᠳᠠᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠬᠤᠶᠠᠷ ᠲᠤ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠰᠦᠯᠵᠢᠶᠡᠨ ᠳᠡᠭᠡᠷ᠎ᠡ ᠳᠡᠯᠭᠡᠷᠡᠭᠦᠯᠬᠦ᠂ ᠰᠦᠯᠵᠢᠶᠡᠨ ᠭᠠᠳᠠᠨ᠎ᠠ ᠤᠬᠠᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠶ ᠳᠤᠨᠢ ᠣᠨᠣᠪᠴᠢᠲᠠᠶ ᠬᠢᠵᠦ᠂ ᠳᠤᠷᠠᠰᠢᠯ ᠲᠠᠢ ᠲᠡᠵᠢᠭᠡᠨ ᠦᠷᠡᠵᠢᠭᠦᠯᠬᠦ ᠣᠯᠠᠨ | ᠲᠦᠮᠡᠨ ᠢ ᠢᠳᠡᠪᠬᠢᠲᠡᠶ ᠪᠠᠷ ᠳᠠᠶᠢᠴᠢᠯᠠᠨ ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢᠨ ᠲᠥᠷᠥᠯ ᠵᠦᠢᠯ ᠳᠤ ᠣᠷᠣᠯᠴᠠᠭᠤᠯᠤᠨ᠎ᠠ᠃ ᠡᠭᠦᠨ ᠤ ᠬᠠᠮᠲᠤ᠂ | ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠭᠦᠢᠴᠡᠳ ᠠᠭᠤᠳᠠᠯᠵᠤ᠂ ᠴᠠᠭ ᠲᠤᠬᠠᠶ ᠳᠤᠨᠢ ᠤᠬᠠᠭᠤᠯᠤᠨ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ | ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢ ᠬᠥᠭᠵᠢᠭᠦᠯᠬᠦ ᠢᠲᠡᠭᠡᠯ ᠵᠣᠷᠢᠭ ᠢ ᠳᠡᠭᠡᠭᠰᠢᠯᠡᠭᠦᠯᠬᠦ ᠬᠡᠷᠡᠭᠲᠡᠶ᠃ | ᠭᠤᠷᠪᠠ ᠳᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠷᠢᠶᠠᠴᠢᠨ ᠡᠷᠦᠬᠡ ᠶᠢᠨ ᠭᠤᠶᠤᠴᠢᠯᠠᠬᠤ᠂ ᠬᠢᠨᠠᠨ ᠬᠠᠷᠭᠤᠭᠤᠯᠵᠤ ᠬᠢᠨᠠᠨ | ᠵᠥᠪᠰᠢᠶᠡᠷᠡᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ | ᠶᠠᠪᠤᠭᠳᠠᠭᠤᠯᠬᠤ ᠶᠢᠨ ᠬᠠᠮᠲᠤ᠂ ᠡᠯ᠎ᠡ ᠰᠢᠶᠠᠩ ᠪᠠᠯᠭᠠᠰᠤ ᠬᠤᠳᠠᠯᠳᠤᠨ ᠠᠪᠤᠭᠰᠠᠨ ᠡᠬᠡ ᠮᠠᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠰᠬᠤᠨ ᠤ | ᠳᠤᠭᠤᠶᠢᠯᠠᠩ ᠤᠨ ᠺᠠᠳ᠋ᠷ ᠪᠣᠯᠤᠨ ᠰᠢᠶᠠᠩ ᠪᠠᠯᠭᠠᠰᠤ ᠶᠢᠨ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠦᠷᠢᠶᠡᠨ ᠤ ᠲᠡᠵᠢᠭᠡᠨ ᠦᠷᠡᠵᠢᠭᠦᠯᠬᠦ ᠡᠷᠦᠬᠡ ᠳᠠᠬᠢ ᠡᠳᠦᠷ | ᠲᠤᠲᠤᠮ ᠤᠨ ᠮᠥᠷᠳᠡᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ | ᠳᠦᠷᠪᠡ ᠳᠤ᠂ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ | ᠳᠣᠭᠢᠷᠠᠭᠤᠯᠤᠨ ᠰᠢᠶᠠᠩ ᠪᠠᠯᠭᠠᠰᠤ ᠶᠢᠨ ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢᠨ ᠲᠥᠷᠥᠯ ᠵᠦᠢᠯ ᠥᠷᠨᠢᠭᠦᠯᠬᠦ ᠶᠢ ᠮᠥᠷᠳᠡᠨ ᠵᠢᠯᠣᠭᠤᠳᠴᠤ᠂ | ᠲᠤᠷᠰᠢᠯᠲᠠ ᠶᠢᠨ ᠳᠤᠮᠳᠠ ᠢᠯᠡᠷᠡᠭᠰᠡᠨ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠮᠡᠷᠭᠡᠵᠢᠯ ᠤᠨ ᠦᠢᠯᠡᠴᠢᠯᠡᠭᠡ | ᠪᠠ ᠵᠢᠯᠣᠭᠤᠳᠣᠯᠭ᠎ᠠ ᠪᠠᠷ ᠲᠡᠵᠢᠭᠡᠨ ᠦᠷᠡᠵᠢᠭᠦᠯᠬᠦ ᠡᠷᠦᠬᠡ ᠶᠢᠨ ᠰᠡᠳᠬᠢᠯ ᠢ ᠠᠮᠤᠷᠵᠢᠭᠤᠯᠵᠤ᠂ ᠢᠳᠡᠰᠢᠨ ᠦᠬᠡᠷ ᠤᠨ ᠠᠵᠤ ᠦᠢᠯᠡᠰ ᠤᠨ ᠬᠠᠷᠢᠯᠴᠠᠨ | ᠬᠠᠪᠰᠤᠷᠤᠯᠴᠠᠬᠤ ᠪᠠᠯᠠ ᠮᠥᠩᠭᠦ ᠶᠢᠨ ᠬᠦᠷᠢᠶᠡᠨ ᠤ ᠠᠵᠤ ᠠᠬᠤᠶ ᠶᠢᠨ ᠠᠵᠢᠯ ᠢ ᠥᠷᠭᠡᠳᠬᠡᠬᠦ ᠳᠤ ᠰᠠᠭᠤᠷᠢ ᠲᠠᠯᠪᠢᠬᠤ ᠬᠡᠷᠡᠭᠲᠡᠶ᠃ | ᠣᠲᠣ ᠪᠣᠯᠲᠠᠯ᠎ᠠ᠂ ᠲᠣᠰ ᠲᠥᠷᠥᠯ ᠵᠦᠢᠯ ᠨᠢ ᠨᠡᠶᠢᠲᠡ 16 ᠰᠢᠶᠠᠩ ᠪᠠᠯᠭᠠᠰᠤᠨ ᠳᠤ ᠪᠠᠶᠢᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠠᠮᠤᠷᠤᠭᠰᠠᠨ 800 | ᠭᠠᠷᠤᠶ ᠡᠷᠦᠬᠡ ᠪᠠᠶᠢᠵᠤ᠂ 1500 ᠲᠦᠮᠡᠨ ᠲᠥᠭᠦᠷᠢᠭ ᠤᠨ ᠪᠠᠯᠠ ᠮᠥᠩᠭᠦ ᠰᠠᠯᠭᠠᠨ ᠥᠭᠴᠦ᠂ ᠲᠥᠷᠥᠯ ᠵᠦᠢᠯ ᠢᠶᠠᠷ ᠳᠠᠮᠵᠢᠭᠤᠯᠤᠨ ᠯᠠᠪᠳᠠᠭᠤᠨ ᠢᠶᠠᠷ ᠳᠥᠯᠭᠢᠨ | ᠠᠬᠢᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠬᠡᠭᠰᠡᠨ ᠪᠠᠶᠢᠨ᠎ᠠ᠃ | |