ᠨᠢᠩᠴᠧᠩ ᠰᠢᠶᠠᠨ ᠭᠤᠷᠪᠠ ᠶᠢ ᠵᠡᠷᠭᠡ ᠪᠠᠷ ᠬᠠᠮᠢᠶᠠᠷᠴᠤ ᠤᠶᠤᠲᠠᠳ ᠤᠨ ᠳᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ ᠠᠵᠢᠯ ᠢ ᠴᠢᠩᠭ᠎ᠠ ᠠᠳᠬᠤᠵᠤ ᠪᠤᠢ
ᠨᠡᠶᠢᠲᠡᠯᠡᠭᠰᠡᠨ ᠴᠠᠭ᠄
2023/9/19
      ᠨᠢᠭᠡ ᠳᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠲᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ ᠭᠠᠷᠳᠠᠮ ᠢ ᠲᠣᠳᠣᠷᠬᠠᠶᠢᠯᠠᠨ᠎ᠠ᠃ ᠳ᠋ᠧᠦ ᠶᠢᠨ᠂ ᠲᠦᠷᠭᠡᠨ ᠭᠠᠷ᠂ ᠸᠢᠴᠠᠲ ᠤᠨ ᠨᠠᠶᠢᠵᠠ ᠶᠢᠨ ᠲᠣᠭᠤᠷᠢᠭ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠤᠶᠤᠲᠠᠳ ᠤᠨ ᠲᠠᠩᠰᠠ ᠡᠪᠬᠡᠮᠡᠯ ᠤᠨ ᠴᠢᠳᠠᠮᠵᠢ ᠦᠢᠯᠡᠳᠦᠯ᠂ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠬᠡᠷᠡᠭ ᠭᠦᠢᠴᠡᠳᠬᠡᠬᠦ ᠴᠤᠪᠤᠷᠠᠯ ᠢ ᠥᠷᠭᠡᠨ ᠢᠶᠠᠷ ᠤᠬᠠᠭᠤᠯᠵᠤ᠂ ᠲᠣᠳᠣᠷᠬᠠᠢ ᠲᠠᠶᠢᠯᠪᠤᠷᠢᠯᠠᠨ᠎ᠠ᠃      ᠬᠤᠶᠠᠷ ᠲᠤ ᠠᠵᠢᠯᠲᠠᠨ ᠤ ᠲᠣᠬᠢᠷᠠᠭᠤᠯᠤᠯᠲᠠ ᠨᠢ ᠪᠦᠷᠢᠨ ᠭᠦᠢᠴᠡᠳ ᠪᠠᠶᠢᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠡᠭᠦᠰᠬᠦ ᠰᠤᠷᠤᠭᠴᠢᠳ ᠤᠨ ᠨᠡᠷ᠎ᠡ ᠮᠡᠳᠡᠭᠦᠯᠬᠦ ᠣᠷᠭᠢᠯ ᠤᠨ ᠬᠤᠭᠤᠴᠠᠭᠠᠨ ᠳᠤ᠂ ᠲᠤᠰᠬᠠᠢ ᠤᠲᠠᠰᠦ ᠲᠣᠬᠢᠷᠠᠭᠤᠯᠵᠤ᠂ ᠤᠶᠤᠲᠠᠳ ᠤᠨ ᠨᠡᠷ᠎ᠡ ᠮᠡᠳᠡᠭᠦᠯᠬᠦ᠂ ᠲᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ ᠵᠡᠷᠭᠡ ᠬᠠᠮᠢᠶ᠎ᠠ ᠪᠦᠬᠦᠢ ᠠᠰᠠᠭᠤᠳᠠᠯ ᠳᠤ ᠬᠠᠷᠢᠭᠤᠯᠲᠠ ᠥᠭᠬᠦ ᠶᠢᠨ ᠬᠠᠮᠲᠤ᠂ ᠲᠠᠩᠰᠠ ᠡᠪᠬᠡᠮᠡᠯ ᠢ ᠴᠠᠭ ᠲᠤᠬᠠᠢ ᠳᠤᠨᠢ ᠲᠠᠩᠰᠠ ᠡᠪᠬᠡᠮᠡᠯ ᠳᠤ ᠣᠷᠣᠭᠤᠯᠬᠤ ᠶᠢ ᠲᠡᠳᠡᠨ ᠳᠤ  ᠰᠠᠨᠠᠭᠤᠯᠪᠠ᠃ ᠡᠭᠦᠨ ᠤ ᠬᠠᠮᠲᠤ᠂ ᠭᠥᠯᠢᠶᠡᠨ ᠠᠪᠤᠭᠰᠠᠨ ᠤᠶᠤᠲᠠᠳ ᠤᠨ ᠲᠠᠩᠰᠠ ᠡᠪᠬᠡᠮᠡᠯ ᠢ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠵᠤ᠂ ᠲᠡᠮᠳᠡᠭᠯᠡᠨ ᠣᠷᠣᠭᠤᠯᠵᠤ᠂ ᠳᠠᠮᠵᠢᠭᠤᠯᠤᠨ ᠬᠦᠷᠭᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃      ᠭᠤᠷᠪᠠ ᠳᠤ ᠲᠠᠩᠰᠠ ᠡᠪᠬᠡᠮᠡᠯ ᠤᠨ ᠡᠭᠦᠷᠭᠡ ᠴᠢᠳᠠᠪᠤᠷᠢ ᠶᠢ ᠪᠠᠳᠠᠷᠠᠭᠤᠯᠵᠤ᠂ ᠡᠬᠢ ᠪᠠᠶᠠᠯᠢᠭ ᠢ ᠪᠦᠲᠦᠮᠵᠢᠲᠡᠶ ᠲᠣᠬᠢᠷᠠᠭᠤᠯᠬᠤ ᠶᠢ ᠪᠡᠶᠡᠯᠡᠭᠦᠯᠦᠨ᠎ᠡ᠃ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠤᠶᠤᠲᠠᠳ ᠢ ᠭᠦᠢᠴᠡᠳ ᠬᠠᠪᠰᠤᠷᠤᠨ ᠲᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ ᠶᠠᠪᠤᠴᠠ ᠳᠤ ᠲᠤᠯᠭᠠᠷᠠᠭᠰᠠᠨ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠲᠡᠭᠦᠰᠦᠭᠰᠡᠳ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠪᠢ ᠬᠥᠮᠥᠨ ᠤ ᠲᠠᠩᠰᠠ ᠡᠪᠬᠡᠮᠡᠯ ᠢ ᠪᠠᠶᠢᠴᠠᠭᠠᠬᠤ ᠪᠠᠷᠢᠮᠲᠠ ᠲᠠᠢ᠂ ᠡᠮᠬᠢ ᠵᠢᠷᠤᠮ ᠲᠠᠢ ᠬᠠᠮᠢᠶᠠᠷᠴᠤ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠪᠦᠲᠦᠮᠵᠢᠲᠡᠶ ᠲᠣᠬᠢᠷᠠᠭᠤᠯᠬᠤ ᠶᠢ  ᠪᠡᠶᠡᠯᠡᠭᠦᠯᠪᠡ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ