ᠨᠢᠩᠴᠧᠩ ᠰᠢᠶᠠᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠠᠢ
ᠨᠡᠶᠢᠲᠡᠯᠡᠭᠰᠡᠨ ᠴᠠᠭ᠄
2023/9/22
      ᠨᠢᠭᠡ ᠳᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠵᠠᠰᠠᠬᠤ ︽ᠭᠦᠢᠴᠡᠳᠬᠡᠬᠦ ᠬᠦᠴᠦᠨ︾ ᠢ ᠴᠢᠩᠭᠠᠷᠠᠭᠤᠯᠤᠨ᠎ᠠ᠃ ᠤᠳᠤᠷᠢᠳᠬᠤ ᠪᠠᠭ ᠤᠨ ᠪᠦᠷᠢᠯᠳᠦᠭᠦᠨ ᠨᠠᠷ ᠬᠡᠰᠡᠭ ᠬᠤᠪᠢᠶᠠᠨ᠂ ᠪᠠᠶᠢᠭᠤᠯᠭ᠎ᠠ ᠶᠢᠨ ᠺᠠᠳ᠋ᠷ ᠭᠠᠴᠠᠭ᠎ᠠ ᠶᠢ ᠳᠠᠭᠠᠭᠠᠨ᠂ ᠭᠠᠴᠠᠭᠠᠨ ᠤ ᠺᠠᠳ᠋ᠷ ᠬᠠᠷᠢᠭᠤᠴᠠᠵᠤ᠂ ᠣᠷᠣᠨ ᠪᠦᠰᠡ᠂ ᠪᠠᠷᠢᠮᠵᠢᠶ᠎ᠠ᠂ ᠴᠠᠭ ᠤᠨ ᠬᠢᠵᠠᠭᠠᠷ ᠢ ᠲᠣᠭᠲᠠᠭᠠᠨ᠂ ᠬᠠᠷᠢᠭᠤᠴᠠᠯᠭ᠎ᠠ ᠪᠠ ᠡᠭᠦᠷᠭᠡ ᠶᠢ ᠨᠢᠭᠡᠳ ᠨᠢᠭᠡ ᠪᠠᠷ ᠨᠠᠷᠢᠯᠢᠭᠵᠢᠭᠤᠯᠵᠤ᠂ ᠬᠥᠮᠥᠨ ᠳᠤ ᠬᠦᠷᠲᠡᠯ᠎ᠡ ᠬᠤᠪᠢᠶᠠᠷᠢᠯᠠᠨ᠎ᠠ᠃ᠲᠠᠷᠢᠶᠠᠴᠢᠨ ᠲᠦᠮᠡᠨ ᠢ ᠲᠠᠶᠢᠴᠢᠯᠠᠨ 1691 ᠬᠥᠮᠥᠨ ᠤᠳᠠᠭ᠎ᠠ ᠶᠢᠨ ᠬᠥᠳᠡᠯᠮᠦᠷᠢ ᠬᠦᠴᠦ ᠣᠷᠣᠭᠤᠯᠤᠨ ᠠᠶᠢᠯ ᠲᠣᠰᠬᠤᠨ ᠤ ᠠᠷᠢᠭᠤᠨ ᠴᠡᠪᠡᠷ ᠢ ᠥᠷᠨᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠰᠠᠶᠢᠨ ᠪᠣᠯᠭᠠᠬᠤ᠂ ᠤᠷᠳᠤ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠠᠬᠢᠭᠤᠯᠪᠠ᠃      ᠬᠤᠶᠠᠷ ᠲᠤ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ᠣᠯᠠᠨ ᠲᠦᠮᠡᠨ ᠤ ︽ᠡᠬᠢ ᠡᠭᠦᠰᠦᠯ ᠤᠨ ᠬᠥᠳᠡᠯᠭᠡᠬᠦ ᠬᠦᠴᠦᠨ︾ ᠢ ᠬᠥᠭᠵᠢᠭᠡᠨ᠎ᠡ᠃ ᠴᠤᠭᠯᠠᠭ᠎ᠠ ᠮᠠᠶᠢᠮᠠᠢ᠂ ᠰᠤᠷᠭᠠᠭᠤᠯᠢ᠂ ᠠᠵᠤ ᠠᠬᠤᠶᠢᠯᠠᠯ ᠵᠡᠷᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠨ᠂ ᠲᠠᠪᠴᠠᠩ ᠢᠶᠠᠷ ᠮᠡᠳᠡᠭᠡ ᠨᠡᠶᠢᠲᠡᠯᠡᠬᠦ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠮᠠᠶ᠋ᠢᠭ ᠢ ᠠᠪᠴᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠬᠥᠳᠡᠯᠦᠯ ᠪᠠᠶᠢᠳᠠᠯ ᠢ ᠥᠷᠭᠡᠨ ᠠᠷᠭ᠎ᠠ ᠵᠠᠮ᠂ ᠣᠯᠠᠨ ᠲᠠᠰ ᠳᠠᠪᠬᠤᠷᠭ᠎ᠠ᠂ ᠪᠥᠬᠦ ᠲᠠᠯ᠎ᠠ ᠪᠠᠷ ᠤᠬᠠᠭᠤᠯᠤᠨ ᠮᠡᠳᠡᠭᠡᠯᠡᠪᠡ᠃ ᠣᠳᠣᠬᠠᠨ ᠪᠣᠯᠲᠠᠯ᠎ᠠ᠂ ᠤᠷᠢᠳ ᠬᠤᠵᠢᠳ 6 ᠤᠳᠠᠭ᠎ᠠ ᠤᠬᠠᠭᠤᠯᠭ᠎ᠠ ᠬᠥᠮᠦᠵᠢᠯ ᠥᠷᠨᠢᠭᠦᠯᠵᠦ᠂ 15 ᠵᠤᠷᠪᠤᠰ ᠤᠷᠢᠶ᠎ᠠ ᠯᠣᠽᠦ᠋ᠩ ᠵᠣᠬᠢᠶᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠰᠠᠨᠠᠭᠠᠴᠢᠯᠠᠭ᠎ᠠ ᠶᠢᠨ ᠪᠢᠴᠢᠭ ᠪᠣᠯᠣᠨ ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠢ ᠬᠤᠪᠢ ᠳᠠᠷᠤᠮᠠᠯᠯᠠᠨ ᠲᠠᠷᠬᠠᠭᠠᠵᠠᠢ᠃      ᠭᠤᠷᠪᠠ ᠳᠤ᠂ ᠨᠠᠷᠢᠯᠢᠭ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠵᠠᠰᠠᠯᠲᠠ ᠶᠢᠨ ︽ᠲᠠᠶᠢᠴᠢᠨ ᠬᠦᠴᠦᠨ︾ ᠢ ᠳᠡᠭᠡᠭᠰᠢᠯᠡᠭᠦᠯᠦᠨ᠎ᠡ᠃ ︽ᠭᠤᠣᠯ ᠵᠠᠮ ᠢ ᠴᠡᠭᠴᠡᠯᠡᠨ ᠵᠠᠰᠠᠵᠤ᠂ ᠭᠤᠣᠯ ᠵᠡᠭᠡᠯᠢ ᠭᠤᠳᠤᠮᠵᠢ ᠶᠢ ᠴᠡᠪᠡᠷᠯᠡᠨ᠂ ᠵᠢᠱᠢᠶ᠎ᠡ ᠦᠵᠡᠭᠦᠯᠬᠦ ᠲᠣᠰᠬᠤᠨ ᠢ ᠪᠤᠢ ᠪᠣᠯᠭᠠᠬᠤ︾ ᠪᠠᠷ ᠬᠠᠷᠠᠯᠲᠠ ᠪᠣᠯᠭᠠᠨ᠂ ︽ᠲᠥᠷᠥᠯ ᠬᠤᠪᠢᠶᠠᠬᠤ᠂ ᠴᠢᠭ᠋ ᠲᠣᠭᠲᠠᠭᠠᠨ ᠴᠤᠭᠯᠠᠭᠤᠯᠬᠤ᠂ ᠤᠳᠬᠤᠭᠤᠷ ᠲᠡᠷᠭᠡ ᠪᠠᠷ ᠴᠡᠪᠡᠷᠯᠡᠨ ᠲᠡᠭᠡᠭᠡᠪᠦᠷᠢᠯᠡᠬᠦ᠂ ᠬᠤᠭ ᠪᠤᠯᠠᠬᠤ ᠭᠠᠵᠠᠷ ᠢ ᠰᠢᠢᠳᠪᠦᠷᠢᠯᠡᠬᠦ︾ ᠬᠤᠭ ᠨᠣᠪᠰᠢ ᠶᠢ ᠴᠡᠪᠡᠷᠯᠡᠬᠦ ᠵᠠᠭᠪᠤᠷ ᠢ ᠬᠡᠷᠩᠵᠢᠭᠦᠯᠪᠡ᠃ 5436 ᠲᠣᠨ ᠠᠮᠢᠳᠤᠷᠠᠯ ᠤᠨ ᠬᠤᠭ ᠨᠣᠪᠰᠢ ᠶᠢ ᠪᠥᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠬᠤᠭ ᠨᠣᠪᠰᠢ ᠶᠢ ᠣᠪᠣᠭᠠᠯᠠᠵᠤ ᠪᠣᠯᠬᠤ ᠦᠭᠡᠢ 12 ᠭᠠᠵᠠᠷ ᠢ ᠴᠡᠪᠡᠷᠯᠡᠨ ᠠᠷᠢᠯᠭᠠᠵᠤ᠂ ᠲᠣᠰᠬᠤᠨ ᠤ ᠳᠣᠲᠣᠷᠠᠬᠢ 15 ᠺᠢᠯᠣᠮᠧᠲᠷ ᠭᠤᠸ ᠰᠤᠪᠠᠭ ᠢ ᠴᠡᠪᠡᠷᠯᠡᠨ ᠠᠷᠢᠯᠭᠠᠵᠤ᠂ ᠮᠠᠯ ᠵᠢᠭᠦᠷᠲᠡᠨ ᠤ ᠪᠠᠭᠠᠰᠤ ᠪᠣᠬᠢᠷ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ 7965 ᠲᠣᠨ ᠴᠡᠪᠡᠷᠯᠡᠨ ᠠᠷᠢᠯᠭᠠᠪᠠ᠃ 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ