| ᠣᠳᠣᠬᠠᠨ ᠳᠤ᠂ ᠮᠧᠩ ᠯᠦᠩ ᠦᠷ᠎ᠡ ᠶᠢᠨ ᠦᠢᠯᠡᠰ᠂ ᠯᠢ ᠾᠧ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠲᠥᠷᠥᠯ ᠤᠨ ᠲᠠᠷᠢᠶᠠᠯᠠᠩ᠂ ᠥᠪᠥᠷ | ᠮᠣᠩᠭᠤᠯ ᠤᠨ ᠲᠠᠷᠢᠶᠠᠨ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠦᠷ᠎ᠡ ᠶᠢᠨ ᠦᠢᠯᠡᠰ ᠤᠨ ᠠᠵᠤ ᠠᠬᠤᠶᠢᠯᠠᠯ ᠨᠢᠭᠡᠨᠲᠡᠰᠦ᠋ᠩᠱᠠᠨ ᠤ ᠦᠷ᠎ᠡ ᠶᠢᠨ | ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠣᠷᠣᠵᠤ᠂ 2 ᠲᠦᠮᠡᠨ ᠮᠥ ᠳᠠᠷᠢᠬᠤ ᠲᠠᠯᠠᠪᠠᠶ ᠶᠢ ᠪᠡᠶᠡᠯᠡᠭᠦᠯᠪᠡ᠃ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠦᠷᠢᠶᠡᠯᠡᠩ ᠲᠣᠭᠤᠷᠢᠭ ᠲᠤ ︽ᠳᠤᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠶᠢ ᠪᠡᠶᠡᠯᠡᠭᠦᠯᠪᠡ᠃ ᠡᠭᠦᠨ ᠤ | ᠵᠡᠷᠭᠡ ᠳᠤ᠂ ᠰᠦᠩᠱᠠᠨ ᠲᠣᠭᠤᠷᠢᠭ ᠤᠨ ᠬᠢᠨ 2024 ᠣᠨ ᠳᠤ 1.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠵᠢᠮᠢᠰ ᠤᠨ ᠲᠦᠷᠦᠭᠦᠤ ᠶᠢ ᠬᠠᠳᠠᠭᠠᠬᠤ | 6 ᠱᠤᠭᠤᠮ᠂ ᠬᠠᠳᠠᠭᠠᠯᠠᠵᠤ ᠵᠥᠭᠡᠭᠡᠪᠦᠷᠢᠯᠡᠬᠦ 2 ᠬᠥᠮᠥᠷᠭᠡ᠂ ᠡᠳ᠋ᠰᠢᠭᠦᠯᠦᠨ ᠦᠢᠯᠡᠳᠪᠦᠷᠢᠯᠡᠬᠦ 1 ᠱᠤᠭᠤᠮ ᠢ ᠪᠠᠶᠢᠭᠤᠯᠵᠤ᠂ ᠠᠵᠤ ᠠᠬᠤᠶᠢᠯᠠᠯ ᠤᠨ ᠦᠷ᠎ᠡ | ᠪᠤᠶᠢᠵᠢᠭᠤᠯᠬᠤ ᠬᠡᠷᠡᠭᠴᠡᠭᠡ ᠶᠢ ᠦᠨᠡᠨ ᠬᠦ ᠪᠠᠲᠤᠯᠠᠬᠤ ᠪᠠᠷ ᠲᠥᠯᠥᠪᠯᠡᠵᠦ ᠪᠠᠶᠢᠨ᠎ᠠ᠃ | ᠰᠦᠩᠱᠠᠨ ᠲᠣᠭᠤᠷᠢᠭ ᠲᠤ ᠣᠲᠣ ᠲᠠᠷᠢᠬᠤ ᠠᠵᠤ ᠠᠬᠤᠶᠢᠯᠠᠯ 37 ᠪᠠᠶᠢᠵᠤ᠂ ᠲᠠᠷᠢᠬᠤ ᠲᠠᠯᠠᠪᠠᠢ 75830 ᠮᠥ ᠪᠣᠶ᠂ ᠡᠭᠦᠨ ᠳᠤ ᠡᠷᠳᠡᠨᠢ ᠰᠢᠰᠢ ᠶᠢᠨ | ᠳᠠᠷᠢᠬᠤ ᠲᠠᠯᠠᠪᠠᠶ 61080 ᠮᠥ᠂ ᠡᠯᠳᠡᠪ ᠠᠮᠤ ᠶᠢᠨ ᠳᠠᠷᠢᠬᠤ ᠲᠠᠯᠠᠪᠠᠶ 14750 ᠮᠥ ᠪᠣᠶ᠃ ᠳᠠᠷᠠᠭᠠᠴᠢ ᠶᠢᠨ ᠠᠯᠬᠤᠮ ᠳᠤ᠂ ᠰᠦᠩᠱᠠᠨ ᠲᠣᠭᠤᠷᠢᠭ ᠤᠨ ᠬᠢᠨ | ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠮᠡᠷᠭᠡᠵᠢᠯ ᠤᠨ ᠰᠣᠯᠢᠯᠴᠠᠭ᠎ᠠ ᠬᠢᠬᠦ᠂ ᠲᠤᠷᠰᠢᠯᠭ᠎ᠠ ᠪᠠᠨ ᠬᠤᠪᠢᠶᠠᠯᠴᠠᠬᠤ᠂ | ᠡᠬᠢ ᠪᠠᠶᠠᠯᠢᠭ ᠢᠶᠠᠨ ᠵᠣᠯᠭᠠᠭᠤᠯᠬᠤ᠂ ᠲᠦᠷᠦᠯ ᠵᠦᠢᠯ ᠤᠨ ᠵᠥᠪᠳᠡᠯᠴᠡᠭᠡ ᠬᠢᠬᠦ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ ᠦᠷ᠎ᠡ ᠶᠢᠨ | ᠦᠢᠯᠡᠰ ᠤᠨ ᠬᠠᠮᠢᠶᠠᠷᠤᠯᠲᠠ ᠦᠷᠡᠵᠢᠭᠦᠯᠦᠨ ᠪᠤᠶᠢᠵᠢᠭᠤᠯᠬᠤ ᠶᠢ ᠨᠢᠭᠡ ᠴᠤᠭᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠭᠤᠣᠯ | ᠠᠮᠤ ᠪᠤᠳᠠᠭᠠᠨ ᠤ ᠲᠠᠷᠢᠮᠠᠯ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠵᠦ᠂ ᠦᠷ᠎ᠡ ᠶᠢᠨ ᠦᠢᠯᠡᠰ ᠤᠨ ᠪᠦᠲᠦᠭᠡᠭᠳᠡᠬᠦᠨ ᠤ ᠲᠦᠷᠦᠯ | ᠲᠡᠮᠳᠡᠭ ᠤᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠲᠡᠰ ᠳᠠᠪᠬᠤᠷᠭ᠎ᠠ ᠶᠢ ᠦᠨᠡᠨᠬᠦ ᠳᠡᠭᠡᠭᠰᠢᠯᠡᠭᠦᠯᠵᠦ᠂ ᠰᠢᠨ᠎ᠡ | ᠨᠡᠮᠡᠭᠳᠡᠯ ᠤᠨ ᠴᠡᠭ ᠢ ᠪᠤᠶᠢᠵᠢᠭᠤᠯᠵᠤ᠂ ᠪᠦᠷᠢᠨ ᠲᠦᠬᠦᠷ ᠢᠵᠢ ᠪᠦᠷᠢᠳᠦᠭᠰᠡᠨ᠂ ᠤᠯᠠᠨ ᠦᠢᠯᠡᠰ ᠢ ᠬᠠᠮᠲᠤᠪᠠᠷ ᠬᠥᠭᠵᠢᠭᠦᠯᠦᠭᠰᠡᠨ᠂ ᠪᠣᠬᠢᠷᠲᠤᠯ ᠦᠭᠡᠢ ᠣᠷᠴᠢᠨ | ᠲᠣᠭᠤᠷᠢᠨ ᠢ ᠬᠠᠮᠠᠭᠠᠯᠠᠬᠤ᠂ ᠲᠣᠭᠤᠷᠢᠭ ᠢᠶᠠᠨ ᠬᠦᠴᠦᠷᠬᠡᠭᠵᠢᠭᠦᠯᠵᠦ ᠲᠠᠷᠢᠶᠠᠴᠢᠨ ᠢ ᠪᠠᠶᠠᠵᠢᠭᠤᠯᠤᠭᠰᠠᠨ ᠰᠣᠳᠣᠨ ᠪᠦᠲᠦᠭᠡᠯ ᠤᠨ ᠬᠢᠯᠠᠰ ᠴᠡᠭ ᠢ ᠡᠭᠦᠳᠴᠦ᠂ | ᠰᠦᠩᠱᠠᠨ ᠲᠣᠭᠤᠷᠢᠭ ᠤᠨ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | | |