2023 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠮᠠᠨ ᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/9/26
     ᠶᠠᠩ ᠶᠢᠨ  ᠴᠢᠨ ᠶᠠᠨ  ᠯᠤᠸᠠᠨ ᠲᠢᠶᠠᠨ ᠮᠧᠩ ᠶᠡᠭᠡ ᠬᠤᠷᠠᠯ ᠳᠤ ᠣᠷᠤᠯᠴᠠᠪᠠ     9 ᠰᠠᠷ᠎ᠠ ᠶᠢᠨ 25 ᠤ ᠡᠳᠦᠷ᠂ 2023 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠮᠠᠨ ᠤ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ ᠪᠥᠬᠦ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠵᠦ᠂ ᠨᠠᠮᠤᠷ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ ᠬᠤᠷᠠᠯ ᠳᠤ ᠣᠷᠤᠯᠴᠠᠪᠠ᠃     ᠶᠠᠩ ᠶᠢᠨ᠂ ᠪᠥᠬᠦ ᠣᠷᠣᠨ ᠳᠠᠶᠠᠭᠠᠷ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ ᠪᠠᠶᠢᠭ᠎ᠠ ᠴᠢᠬᠤᠯᠠ ᠶᠡᠭᠡ ᠴᠠᠭ ᠮᠥᠴᠡ ᠳᠤ᠂ ᠪᠥᠬᠦ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠤᠷᠰᠢᠯᠭ᠎ᠠ ᠪᠠᠨ ᠳ᠋ᠦᠩᠨᠡᠨ ᠪᠠᠶᠢᠳᠠᠯ ᠢ ᠵᠠᠳᠠᠯᠵᠤ᠂ ︽ᠰᠢᠨ᠎ᠡ ᠵᠠᠮ ᠢᠶᠠᠷ ᠵᠠᠮᠨᠠᠬᠤ᠂ ᠳᠤᠮᠳᠠ ᠬᠡᠪ ᠲᠤ ᠣᠷᠤᠬᠤ︾ ᠬᠠᠷᠠᠯᠲᠠ ᠶᠢ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠨ ᠡᠷᠡᠮᠡᠬᠡᠶᠢᠯᠡᠨ ᠤᠷᠤᠭᠰᠢᠯᠠᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠦᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠬᠠᠩᠭᠠᠯᠭ᠎ᠠ ᠶᠢ ᠥᠷᠭᠡᠳᠬᠡᠬᠦ᠂ ᠭᠤᠤᠯ ᠴᠣᠭᠴᠠ ᠶᠢ ᠪᠤᠶᠢᠵᠢᠭᠤᠯᠬᠤ᠂ ᠠᠭᠤᠰᠤᠯᠴᠠᠨ ᠬᠥᠭᠵᠢᠬᠦ᠂ ᠠᠭᠤᠯᠭ᠎ᠠ ᠶᠢᠨ ᠰᠢᠨ᠎ᠡ ᠶᠢ ᠡᠭᠦᠳᠬᠦ᠂ ᠤᠬᠠᠭᠤᠯᠤᠨ ᠲᠠᠨᠢᠯᠴᠠᠭᠤᠯᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠮᠠᠨ ᠤ ᠣᠷᠣᠨ ᠤ ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠣᠷᠣᠨ ᠤ ᠵᠢᠭᠤᠯᠴᠢᠯᠠᠯ ᠤᠨ ᠦᠢᠯᠡᠰ ᠤᠨ ᠶᠡᠭᠡ ᠬᠥᠭᠵᠢᠯᠲᠡ᠂ ᠶᠡᠭᠡ ᠳᠡᠭᠡᠭᠰᠢᠯᠡᠯᠲᠡ᠂ ᠶᠡᠭᠡ ᠳᠠᠪᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠳᠡᠭᠡᠷ᠎ᠡ᠂ ᠤᠯᠠᠭᠠᠨᠬᠠᠳᠠ ᠬᠤᠳᠠ᠂ ᠬᠥᠯᠥᠨ ᠪᠤᠶᠢᠷ ᠬᠤᠳᠠ᠂ ᠠᠯᠠᠱᠠ ᠠᠶᠢᠮᠠᠭ ᠵᠡᠷᠭᠡ ᠠᠶᠢᠮᠠᠭ ᠬᠤᠳᠠ᠂ ᠬᠡᠰᠡᠭ ᠶᠡᠭᠡ ᠳᠡᠭᠡᠳᠦ ᠰᠤᠷᠭᠠᠭᠤᠯᠢ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠵᠢᠴᠢ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ ᠲᠤᠰ ᠲᠤᠰ ᠰᠠᠨᠠᠯ ᠢᠶᠠᠨ ᠰᠣᠯᠢᠯᠴᠠᠬᠤ ᠦᠭᠡ ᠶᠠᠷᠢᠪᠠ᠃ ᠶᠡᠭᠡ ᠬᠤᠷᠠᠯ ᠠᠴᠠ 2023 ᠣᠨ ᠤ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠦᠨ ᠪᠠᠶᠢᠭᠤᠯᠬᠤ ᠰᠢᠯᠢᠳᠡᠭ ᠨᠢᠭᠡᠴᠡ ᠪᠣᠯᠤᠨ ᠠᠯᠲᠠᠨ ᠮᠧᠳᠠᠯ ᠤᠨ ᠳᠠᠭᠠᠭᠤᠯᠤᠭᠴᠢ᠂ ᠬᠥᠲᠥᠴᠢ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠤᠨ ᠰᠣᠶᠣᠯ ᠤᠨ ᠲᠣᠰᠬᠤᠨ ᠤ ᠳᠠᠷᠤᠭ᠎ᠠ ᠳᠤ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃     ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ︽ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ︵ᠰᠠᠨᠠᠯ ᠬᠤᠷᠢᠶᠠᠬᠤ ᠨᠤᠤᠷᠠᠭ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ︿ᠳᠥᠷᠪᠡᠨ ᠭᠠᠵᠠᠷ﹀ ᠢ ᠴᠣᠭᠴᠠᠯᠠᠬᠤ ᠬᠡᠷᠡᠭᠵᠢᠭᠦᠯᠬᠦ ᠲᠥᠰᠦᠯ ︵ᠰᠠᠨᠠᠯ ᠬᠤᠷᠢᠶᠠᠬᠤ ᠨᠤᠤᠷᠠᠭ︶︾ ᠢ ᠶᠠᠷᠢᠯᠴᠠᠪᠠ᠃      ᠲᠣᠰ ᠡᠳᠦᠷ ᠤᠨ ᠦᠳᠡ ᠶᠢᠨ ᠬᠤᠶᠢᠨ᠎ᠠ᠂ ᠬᠤᠷᠠᠯ ᠳᠤ ᠣᠷᠣᠯᠴᠠᠭᠰᠠᠳ ᠬᠠᠷᠠᠴᠢᠨ ᠬᠤᠰᠢᠭᠤᠨ ᠤ ᠬᠠᠷᠠᠴᠢᠨ ᠴᠢᠨ ᠸᠠᠩ ᠤᠨ ᠣᠷᠳᠣᠨ᠂ ᠡᠮᠡᠭᠡᠯ ᠠᠭᠤᠯᠠ ᠶᠢᠨ ᠣᠶ ᠰᠢᠭᠤᠶ ᠶᠢᠨ ᠲᠠᠯᠠᠪᠠᠶ ᠳᠤ ᠬᠦᠷᠴᠦ ᠲᠣᠭᠤᠷᠢᠨ ᠦᠵᠡᠪᠡ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ︵ᠨᠢᠭᠡᠴᠡ︶ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠶᠡᠭᠡ ᠬᠤᠷᠠᠯ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ