| ᠠᠤᠬᠠᠨ ᠬᠤᠰᠢᠭᠤ ᠤᠯᠠᠭᠠᠨᠬᠠᠳᠠ ᠬᠤᠲᠠ ᠶᠢᠨ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤᠨ ᠳᠤ | ᠬᠠᠷᠢᠶᠠᠯᠠᠭᠳᠠᠵᠤ᠂ ᠲᠠᠷᠢᠶᠠᠨ ᠭᠠᠵᠠᠷ ᠤᠨ ᠲᠠᠯᠠᠪᠠᠶ 400 ᠭᠠᠷᠤᠶ ᠲᠦᠮᠡᠨ ᠮᠥ ᠪᠠᠶᠢᠵᠤ᠂ ᠠᠮᠤ ᠪᠤᠳᠠᠭᠠᠨ ᠤ ᠤᠨᠠᠯᠲᠠ 14 ᠵᠢᠯ ᠳᠠᠷᠠᠭᠠᠯᠠᠨ 20 ᠳ᠋ᠦᠩᠰᠢᠭᠤᠷ | ᠵᠢᠩ ᠠᠴᠠ ᠳᠡᠭᠡᠭᠰᠢ ᠳᠤ ᠲᠣᠭᠲᠠᠪᠤᠷᠢᠵᠢᠵᠤ᠂ ᠮᠠᠯ ᠠᠵᠤ ᠠᠬᠤᠶ ᠶᠢᠨ ᠲᠤᠭ᠎ᠠ ᠲᠣᠯᠣᠭᠠᠶ 350 ᠲᠦᠮᠡ ᠳᠤ ᠬᠦᠷᠴᠦ᠂ ᠢᠳᠡᠰᠢᠨ ᠦᠬᠡᠷ 28.3 ᠲᠦᠮᠡ᠂ ᠢᠳᠡᠰᠢᠨ | ᠬᠤᠨᠢ 185 ᠲᠦᠮᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠠᠴᠠ ᠰᠢᠯᠵᠢᠭᠦᠯᠦᠨ ᠭᠠᠷᠭᠠᠭᠰᠠᠨ ᠲᠣᠮᠣ ᠰᠢᠶᠠᠨ ᠤ ᠨᠢᠭᠡᠨ ᠪᠣᠯᠤᠨ᠎ᠠ᠃ | ᠣᠶᠢᠷ᠎ᠠ ᠶᠢᠨ ᠵᠢᠯ ᠠᠴᠠ ᠨᠠᠰᠢ᠂ ᠠᠤᠬᠠᠨ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠢᠳᠡᠰᠢᠨ ᠦᠬᠡᠷ ᠤᠨ ᠠᠵᠤ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠬᠤ ᠪᠠ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠨᠢᠭᠲᠠ ᠤᠶᠠᠯᠳᠤᠭᠤᠯᠵᠤ᠂ ︽ᠦᠬᠡᠷ︾ | ᠤᠨ ᠪᠡᠶ᠎ᠡ ᠳᠡᠭᠡᠷ᠎ᠡ ᠬᠦᠴᠦ ᠣᠷᠣᠭᠤᠯᠵᠤ᠂ ᠢᠳᠡᠰᠢᠨ ᠦᠬᠡᠷ ᠤᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠦᠷᠭᠡᠳᠬᠡᠨ᠂ ᠢᠳᠡᠰᠢᠨ | ᠦᠬᠡᠷ ᠤᠨ ᠠᠵᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃ | ᠤᠯᠠᠭᠠᠨᠬᠠᠳᠠ ᠬᠤᠲᠠ ᠶᠢᠨ ᠵᠣᠣ ᠤᠳᠠ ᠶᠢᠨ ᠢᠳᠡᠰᠢᠨ ᠦᠬᠡᠷ ᠤᠨ ᠡᠭᠦᠯᠳᠡᠷ ᠪᠤᠶᠢᠵᠢᠭᠤᠯᠬᠤ ᠠᠵᠢᠯ ᠳᠤ ᠢᠳᠡᠪᠬᠢᠲᠡᠶ ᠣᠷᠣᠯᠴᠠᠵᠤ᠂ ᠪᠥᠬᠦ ᠬᠤᠰᠢᠭᠤᠨ ᠤ | ᠢᠳᠡᠰᠢᠨ ᠦᠬᠡᠷ ᠤᠨ ᠨᠠᠷᠠᠲᠤ ᠲᠡᠮᠳᠡᠭ ᠢ ᠳᠡᠭᠡᠭᠰᠢᠯᠡᠭᠦᠯᠦᠨ᠎ᠡ᠃ ᠠᠤᠬᠠᠨ ᠬᠤᠰᠢᠭᠤ ᠪᠣᠯ ᠤᠯᠠᠭᠠᠨᠬᠠᠳᠠ ᠶᠢᠨ ᠵᠣᠣ ᠤᠳᠠ ᠢᠳᠡᠰᠢᠨ ᠦᠬᠡᠷ ᠤᠨ ᠡᠭᠦᠯᠳᠡᠷ | ᠪᠤᠶᠢᠵᠢᠭᠤᠯᠬᠤ 5 ᠬᠤᠰᠢᠭᠤ ᠰᠢᠶᠠᠨ ᠤ ᠨᠢᠭᠡ ᠪᠠᠶᠢᠵᠤ᠂ ᠣᠲᠣ ᠵᠣᠣ ᠤᠳᠠ ᠢᠳᠡᠰᠢᠨ ᠦᠬᠡᠷ ᠤᠨ ᠭᠤᠤᠯ ᠰᠦᠷᠦᠭ ᠲᠤ 2 000 ᠭᠠᠷᠤᠢ ᠦᠨᠢᠶ᠎ᠡ ᠲᠡᠵᠢᠭᠡᠵᠦ | ᠪᠠᠶᠢᠨ᠎ᠠ᠃ ᠭᠤᠣᠯ ᠡᠭᠦᠯᠳᠡᠷ ᠪᠤᠶᠢᠵᠢᠭᠤᠯᠬᠤ 2 ᠲᠠᠯᠠᠪᠠᠢ ᠪᠠ ᠵᠤᠤ ᠤᠳᠠ ᠢᠳᠡᠰᠢᠨ ᠦᠬᠡᠷ ᠤᠨ ᠭᠤᠣᠯ ᠡᠭᠦᠯᠳᠡᠷ ᠪᠤᠶᠢᠵᠢᠭᠤᠯᠬᠤ 5 ᠡᠷᠦᠬᠡ ᠲᠠᠢ᠃ | ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠠᠯᠠᠪᠠᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠰᠢᠭᠤᠨ ᠤ ᠢᠳᠡᠰᠢᠨ ᠦᠬᠡᠷ ᠤᠨ ᠴᠢᠨᠠᠷ ᠰᠠᠶᠢᠲᠠᠢ | ᠬᠥᠭᠵᠢᠯᠲᠡ ᠶᠢ ᠳᠠᠶᠢᠴᠢᠯᠠᠨ᠎ᠠ᠃ ᠠᠤᠬᠠᠨ ᠬᠤᠰᠢᠭᠤ ᠬᠤᠷᠴᠢᠨ ᠤ ᠢᠳᠡᠰᠢᠨ ᠦᠬᠡᠷ ᠤᠨ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠠᠰᠢᠭᠯᠠᠨ᠂ 2 | ᠵᠢᠯ ᠤᠨ ᠲᠤᠷᠰᠢ ᠪᠥᠬᠦ ᠬᠤᠰᠢᠭᠤᠨ ᠤ ᠭᠤᠤᠯᠳᠠᠯᠭ᠎ᠠ ᠲᠠᠢ ᠰᠢᠶᠠᠩ ᠪᠠᠯᠭᠠᠰᠤᠨ ᠳᠤ ᠥᠨᠳᠥᠷ ᠪᠠᠷᠢᠮᠵᠢᠶᠠᠲᠤ ᠢᠳᠡᠰᠢᠨ ᠦᠬᠡᠷ ᠤᠨ ᠵᠢᠱᠢᠶ᠎ᠡ ᠦᠵᠡᠭᠦᠯᠬᠦ | ᠲᠠᠯᠠᠪᠠᠶ ᠶᠢ 20 ᠪᠠᠶᠢᠭᠤᠯᠵᠤ᠂ ᠮᠠᠰᠢᠨᠴᠢᠯᠠᠭᠰᠠᠨ ᠪᠠᠭᠠᠰᠤ ᠴᠡᠪᠡᠷᠯᠡᠬᠦ᠂ ᠮᠠᠰᠢᠨᠴᠢᠯᠠᠯᠲᠠ ᠪᠠᠷ ᠪᠣᠷᠳᠤᠭ᠎ᠠ ᠲᠡᠵᠢᠭᠡᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠨᠠᠷᠠᠲᠤ | ᠲᠡᠮᠳᠡᠭᠵᠢᠭᠦᠯᠦᠨ ᠡᠵᠡᠩᠨᠡᠬᠦ ᠶᠢ ᠪᠡᠶᠡᠯᠡᠭᠦᠯᠪᠡ᠃ | ᠪᠠᠯᠠ ᠮᠥᠩᠭᠦ ᠪᠠᠷ ᠲᠡᠳᠬᠦᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠪᠥᠬᠦ ᠬᠤᠰᠢᠭᠤᠨ ᠤ ᠢᠳᠡᠰᠢᠨ ᠦᠬᠡᠷ ᠤᠨ ᠠᠵᠤ ᠦᠢᠯᠡᠰ ᠤᠨ | ᠬᠥᠭᠵᠢᠯᠲᠡ ᠶᠢ ᠪᠠᠲᠤᠯᠠᠨ᠎ᠠ᠃ 2021 ᠣᠨ ᠠᠴᠠ ᠨᠠᠰᠢ᠂ ᠠᠤᠬᠠᠨ ᠬᠤᠰᠢᠭᠤ ᠣᠯᠠᠨ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ | ᠢᠳᠡᠰᠢᠨ ᠦᠬᠡᠷ ᠤᠨ ᠠᠵᠤ ᠦᠢᠯᠡᠰ ᠤᠨ ᠪᠠᠯᠠ ᠮᠥᠩᠭᠦ ᠪᠠᠷ ᠲᠡᠳᠬᠦᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠵᠢᠯ ᠪᠦᠷᠢ ᠬᠤᠰᠢᠭᠤᠨ ᠤ ᠲᠣᠰ | ᠱᠠᠲᠤᠨ ᠤ ᠪᠠᠯᠠ ᠮᠥᠩᠭᠦ ᠶᠢ 1000 ᠭᠠᠷᠤᠶ ᠲᠦᠮᠡᠨ ᠲᠥᠭᠦᠷᠢᠭ ᠳᠣᠭᠢᠷᠠᠭᠤᠯᠵᠤ᠂ ᠢᠳᠡᠰᠢᠨ ᠦᠬᠡᠷ ᠤᠨ ᠠᠵᠤ ᠦᠢᠯᠡᠰ ᠤᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠳᠤ ᠬᠡᠷᠡᠭᠯᠡᠵᠦ᠂ ᠪᠥᠬᠦ ᠬᠤᠰᠢᠭᠤᠨ ᠤ ᠢᠳᠡᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠪᠠ᠃ | ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤ ᠪᠣᠳᠠᠲᠤ ᠪᠠᠶᠢᠳᠠᠯ ᠳᠤ ᠰᠠᠭᠤᠷᠢᠯᠠᠨ᠂ ᠢᠳᠡᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠢᠳᠡᠰᠢᠨ ᠦᠬᠡᠷ ᠤᠨ ᠰᠠᠶᠢᠨ ᠡᠭᠦᠯᠳᠡᠷ ᠢ ᠪᠤᠶᠢᠵᠢᠭᠤᠯᠬᠤ ᠪᠠ ᠪᠡᠶ᠎ᠡ ᠪᠠᠨ ᠳᠠᠭᠠᠭᠠᠵᠤ ᠦᠷᠡᠵᠢᠭᠦᠯᠦᠨ ᠪᠤᠶᠢᠵᠢᠭᠤᠯᠬᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠥᠪᠡᠰᠦᠪᠡᠨ ᠦᠷᠡᠵᠢᠭᠦᠯᠦᠨ ᠪᠤᠶᠢᠵᠢᠭᠤᠯᠬᠤ ᠢᠳᠡᠰᠢᠨ ᠦᠬᠡᠷ ᠤᠨ ᠬᠠᠩᠭᠠᠯᠭ᠎ᠠ ᠶᠢᠨ ᠴᠢᠳᠠᠪᠤᠷᠢ ᠶᠢ | ᠴᠢᠩᠭᠠᠷᠠᠭᠤᠯᠵᠤ᠂ ᠢᠳᠡᠰᠢᠨ ᠦᠬᠡᠷ ᠤᠨ ᠠᠵᠤ ᠦᠢᠯᠡᠰ ᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ᠂ | ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠠᠵᠤ ᠦᠢᠯᠡᠰ ᠪᠣᠯᠭᠠᠵᠤ᠂ ᠠᠤᠬᠠᠨ ᠤ ᠠᠵᠤ ᠦᠢᠯᠡᠰ ᠤᠨ ᠨᠠᠷᠠᠲᠤ ᠲᠡᠮᠳᠡᠭ ᠢ ᠪᠣᠶ ᠪᠣᠯᠭᠠᠨ᠎ᠠ᠃ | | | |