ᠨᠢᠩᠴᠧᠩ ᠰᠢᠶᠠᠨ 2023 ᠣᠨ ᠤ ᠭᠤᠷᠪᠠᠳᠤᠭᠠᠷ ᠤᠯᠠᠷᠢᠯ ᠤᠨ ᠬᠤᠲᠠ ᠪᠠᠯᠭᠠᠰᠤᠨ ᠤ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠦᠷᠢ ᠣᠯᠭᠤᠬᠤ ᠠᠵᠢᠯ ᠢ ᠳᠠᠭᠤᠰᠬᠠᠪᠠ
ᠨᠡᠶᠢᠲᠡᠯᠡᠭᠰᠡᠨ ᠴᠠᠭ᠄
2023/9/26
      ᠥᠪᠡᠷᠲᠡᠭᠡᠨ ᠵᠠᠰᠠᠬᠤ ᠣᠷᠣᠨ ᠤ ︽ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠲᠦᠷᠢᠶᠡᠰᠦᠯᠡᠯ ᠤᠨ ᠨᠥᠬᠦᠪᠦᠷᠢ ᠶᠢᠨ ᠠᠵᠢᠯ ᠢ ᠰᠠᠶᠢᠲᠤᠷ ᠬᠢᠬᠦ ᠲᠤᠬᠠᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ᠵᠢᠯᠤᠭᠤᠳᠬᠤ ᠰᠠᠨᠠᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠦᠷᠢ ᠣᠯᠭᠤᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ︽ᠤᠷᠢᠳᠠᠪᠠᠷ ᠮᠡᠳᠡᠭᠳᠡᠵᠦ᠂ ᠳᠠᠷᠠᠭ᠎ᠠ ᠨᠢ ᠬᠢᠨᠠᠨ ᠬᠠᠷᠭᠤᠭᠤᠯᠵᠤ᠂ ᠭᠤᠷᠪᠠᠨ ᠱᠠᠲᠤ ᠪᠠᠷ ᠢᠯᠡ ᠨᠡᠶᠢᠲᠡᠯᠡᠬᠦ︾ ᠵᠠᠷᠴᠢᠮ ᠶᠣᠰᠣᠭᠠᠷ᠂ ᠨᠥᠬᠦᠴᠡᠯ ᠳᠤ ᠨᠡᠶᠢᠴᠡᠬᠦ ᠬᠥᠮᠥᠰ ᠲᠤ ᠴᠠᠭ ᠲᠤᠬᠠᠢ ᠳᠤᠨᠢ ᠨᠥᠬᠦᠪᠦᠷᠢ ᠤᠯᠭᠤᠪᠠ᠃ ᠣᠲᠣ ᠪᠣᠯᠲᠠᠯ᠎ᠠ᠂ ᠭᠤᠷᠪᠠᠳᠤᠭᠠᠷ ᠤᠯᠠᠷᠢᠯ ᠳᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠦᠷᠢ ᠣᠯᠭᠤᠬᠤ ᠠᠵᠢᠯ ᠨᠢᠭᠡᠨᠲᠡ ᠳᠠᠭᠤᠰᠴᠤ᠂ 2023 ᠣᠨ ᠳᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠦᠷᠢ ᠶᠢ 118 ᠡᠷᠦᠬᠡ ᠳᠤ ᠨᠡᠶᠢᠲᠡ 7.4694 ᠲᠦᠮᠡᠨ ᠲᠥᠭᠦᠷᠢᠭ ᠲᠠᠷᠬᠠᠭᠠᠪᠠ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ