ᠨᠢᠩᠴᠧᠩ ᠰᠢᠶᠠᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠵᠢᠴᠢ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/26
      ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠵᠢᠴᠢ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠵᠢᠷᠤᠮᠵᠢᠭᠤᠯᠬᠤ᠂ ᠥᠨᠳᠥᠷ ᠦᠷ᠎ᠡ ᠪᠦᠲᠦᠮᠵᠢᠲᠡᠶ ᠬᠡᠷᠡᠭᠵᠢᠭᠦᠯᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠵᠤ᠂ ᠥᠷᠭᠡᠨ ᠤᠯᠠᠨ ᠲᠠᠷᠢᠶᠠᠴᠢᠨ ᠮᠠᠯᠴᠢᠳ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠲᠠᠷᠢᠶᠠᠴᠢᠨ ᠮᠠᠯᠴᠢᠳ ᠲᠤ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠬᠢᠭᠡᠳ ᠬᠥᠳᠡᠯᠦᠩᠭᠦᠢ ᠮᠡᠳᠡᠭᠡ ᠵᠠᠩᠭᠢ ᠶᠢ ᠴᠠᠭ ᠲᠤᠬᠠᠢ‌‍ᠳᠤ ᠨᠢ ᠣᠶᠢᠯᠠᠭᠠᠭᠤᠯᠬᠤ ᠪᠠ ᠣᠳᠣᠬᠠᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠠᠬᠢᠴᠠ ᠶᠢᠨ ᠪᠠᠶᠢᠳᠠᠯ ᠲᠠᠢ ᠤᠶᠠᠯᠳᠤᠭᠤᠯᠤᠨ᠂ ᠨᠢᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠰᠢᠶᠠᠩ ᠪᠠᠯᠭᠠᠰᠤᠨ ᠳᠤ ᠭᠦᠨᠵᠡᠭᠡᠶᠢᠷᠡᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠵᠢᠴᠢ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠮᠠᠲ᠋ᠧᠷᠢᠶᠠᠯ ᠳᠠᠷᠤᠮᠠᠯᠯᠠᠨ ᠲᠠᠷᠬᠠᠭᠠᠬᠤ ᠵᠡᠷᠭᠡ ᠬᠡᠯᠪᠡᠷᠢ ᠪᠠᠷ ᠤᠬᠠᠭᠤᠯᠭ᠎ᠠ ᠶᠢᠨ ᠠᠵᠢᠯ ᠥᠷᠨᠢᠭᠦᠯᠪᠡ᠃      ᠰᠢᠶᠠᠩ ᠪᠠᠯᠭᠠᠰᠤᠨ ᠤ ᠶᠡᠭᠡ ᠴᠤᠭᠯᠠᠭᠠᠨ ᠢᠶᠠᠷ ᠠᠵᠠ ᠲᠣᠬᠢᠶᠠᠯ ᠪᠣᠯᠭᠠᠨ᠂ ᠬᠦᠷᠦᠭᠰᠡᠨ ᠭᠠᠵᠠᠷ ᠪᠣᠯᠭᠠᠨ ᠳᠤ ᠲᠠᠷᠢᠶᠠᠴᠢᠨ ᠮᠠᠯᠴᠢᠳ ᠲᠤ ᠲᠠᠷᠢᠶᠠᠯᠠᠩ ᠤᠨ ᠮᠧᠬᠠᠨᠢᠭ ᠬᠤᠳᠠᠯᠳᠤᠨ ᠠᠪᠬᠤ ᠳᠤ ᠨᠥᠬᠦᠪᠦᠷᠢ ᠥᠭᠬᠦ ᠬᠦᠷᠢᠶ᠎ᠡ ᠬᠡᠪᠴᠢᠶ᠎ᠡ᠂ ᠨᠥᠬᠦᠪᠦᠷᠢ ᠥᠭᠬᠦ ᠳ᠋ᠦᠢᠰᠢᠶᠠᠩ᠂ ᠨᠥᠬᠦᠪᠦᠷᠢ ᠥᠭᠬᠦ ᠪᠠᠷᠢᠮᠵᠢᠶ᠎ᠠ᠂ ᠠᠵᠢᠯᠯᠠᠬᠤ ᠵᠢᠷᠤᠮ ᠵᠡᠷᠭᠡ ᠠᠰᠠᠭᠤᠳᠠᠯ ᠢ ᠲᠠᠶᠢᠯᠪᠤᠷᠢᠯᠠᠨ ᠥᠭᠴᠦ᠂ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠲᠤᠬᠠᠢ ᠶᠢᠨ ᠭᠠᠵᠠᠷ ᠲᠤᠨᠢ ᠬᠠᠷᠢᠭᠤᠯᠵᠤ᠂ ᠤᠯᠠᠨ ᠲᠦᠮᠡᠨ ᠳᠤ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠡᠩ ᠭᠦᠨᠵᠡᠭᠡᠢ ᠣᠶᠢᠯᠠᠭᠠᠭᠤᠯᠬᠤ ᠶᠢᠨ ᠬᠠᠮᠲᠤ ᠪᠠᠰᠠ ᠲᠠᠷᠢᠶᠠᠯᠠᠩ ᠤᠨ ᠮᠧᠬᠠᠨᠢᠭ ᠤᠨ ᠠᠶᠤᠯᠭᠦᠢ ᠦᠢᠯᠡᠳᠪᠦᠷᠢᠯᠡᠯ ᠤᠨ ᠲᠠᠯ᠎ᠠ ᠶᠢᠨ ᠮᠡᠳᠡᠯᠭᠡ ᠶᠢ ᠤᠯᠠᠨ ᠲᠦᠮᠡᠨ ᠳᠤ ᠢᠳᠡᠪᠬᠢᠲᠡᠢ ᠪᠠᠷ ᠤᠬᠠᠭᠤᠯᠤᠨ᠂ ᠮᠠᠯᠴᠢᠨ ᠲᠠᠷᠢᠶᠠᠴᠢᠳ ᠤᠨ ᠬᠡᠷᠡᠭᠯᠡᠭᠡᠨ ᠳᠤ ᠲᠣᠬᠢᠷᠠᠬᠤ᠂ ᠮᠡᠷᠭᠡᠵᠢᠯ ᠪᠣᠯᠪᠠᠰᠤᠷᠠᠩᠭᠤᠢ᠂ ᠠᠮᠤᠷ ᠲᠦᠪᠰᠢᠨ ᠨᠠᠶᠢᠳᠠᠪᠤᠷᠢᠲᠠᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠣᠲᠣ ᠦᠶ᠎ᠡ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠶᠢ ᠵᠣᠷᠢᠭᠵᠢᠭᠤᠯᠵᠤ᠂ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠨᠥᠬᠦᠴᠡᠯ᠂ ᠲᠥᠷᠥᠯ ᠵᠦᠢᠯ᠂ ᠵᠣᠭᠤᠰ ᠤᠨ ᠲᠤᠭ᠎ᠠ᠂ ᠲᠠᠰ ᠳᠠᠷᠠᠭᠠᠯᠠᠯ ᠵᠡᠷᠭᠡ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠤᠨ ᠲᠠᠶᠢᠯᠪᠤᠷᠢᠯᠠᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠵᠢᠴᠢ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠨᠣᠷᠮ᠎ᠠ ᠪᠠ ᠢᠯᠡ ᠲᠣᠳᠣ ᠶᠢᠨ ᠬᠡᠮᠵᠢᠶ᠎ᠡ ᠶᠢ  ᠳᠡᠭᠡᠭᠰᠢᠯᠡᠭᠦᠯᠪᠡ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠲᠠᠷᠢᠶᠠᠯᠠᠩ ᠮᠠᠯ ᠠᠵᠤ ᠠᠬᠤᠢ ᠶᠢᠨ ᠴᠣᠩᠬᠤ ᠨᠡᠶᠢᠲᠡ 500 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠠᠢ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ