︽ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ 2000 ᠳ᠋ᠦᠩᠰᠢᠭᠤᠷ ᠤᠨ ᠬᠦᠷᠢᠶᠡᠯᠡᠩ ᠲᠣᠭᠤᠷᠢᠭ ᠲᠤ ᠰᠢᠪᠲᠤᠯᠤᠯᠲᠠ ᠬᠢᠬᠦ ᠲᠠᠪᠤᠨ ᠵᠢᠯ ᠤᠨ ᠠᠵᠢᠯᠯᠠᠭᠠᠨ ᠤ ᠲᠥᠰᠦᠯ ︵2023-2027︶︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/27
     ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ︽ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠶᠢᠨ ᠳᠠᠬᠢᠨ ᠨᠡᠮᠡᠭᠳᠡᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾᠎ ᠤᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠥᠬᠦ ᠬᠤᠲᠠ ᠶᠢᠨ ᠠᠵᠤ ᠠᠬᠤᠶ ᠶᠢᠨ ᠭᠤᠤᠯ ᠳᠠᠶᠢᠯᠠᠯᠳᠤᠭᠠᠨ ᠤ ᠲᠠᠯᠠᠪᠤᠷ ᠤᠨ ᠦᠢᠯᠡᠳᠦᠯ ᠢ ᠨᠠᠩ ᠰᠠᠶᠢᠨ ᠪᠠᠳᠠᠷᠠᠭᠤᠯᠤᠨ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠳᠠᠬᠢᠨ ᠨᠡᠮᠡᠭᠳᠡᠭᠦᠯᠬᠦ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠦᠷᠦᠭᠦᠯᠡᠨ ︽ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ 2000 ᠳ᠋ᠦᠩᠰᠢᠭᠤᠷ ᠤᠨ ᠬᠦᠷᠢᠶᠡᠯᠡᠩ ᠲᠣᠭᠤᠷᠢᠭ ᠲᠤ ᠰᠢᠪᠲᠤᠯᠤᠯᠲᠠ ᠬᠢᠬᠦ ᠲᠠᠪᠤᠨ ᠵᠢᠯ ᠤᠨ ᠠᠵᠢᠯᠯᠠᠭᠠᠨ ᠤ ᠲᠥᠰᠦᠯ ︵2023-2027︶︾᠎ ᠢ ᠲᠤᠭᠤᠷᠪᠢᠵᠤ᠂ ᠡᠭᠦᠨ ᠢᠶᠠᠷ ︽ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠶᠢᠨ ᠳᠠᠬᠢᠨ ᠨᠡᠮᠡᠭᠳᠡᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾᠎ ᠢ ᠦᠷᠭᠦᠯᠵᠢᠯᠡᠭᠦᠯᠪᠡ᠃      ︽ᠲᠥᠰᠦᠯ︾᠎ ᠤᠨ ᠠᠭᠤᠯᠭ᠎ᠠ ᠨᠢ ᠡᠯ᠎ᠡ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠬᠠᠩᠭᠠᠭᠰᠠᠨ ᠲᠥᠷᠥᠯ ᠵᠦᠢᠯ ᠢᠶᠠᠷ ᠲᠤᠯᠭᠠᠭᠤᠷᠢᠯᠠᠯ ᠪᠣᠯᠭᠠᠵᠤ᠂ ᠭᠤᠷᠪᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠯᠠᠨ ᠤᠳᠠᠭᠠᠨ ᠤ ᠰᠤᠳᠤᠯᠤᠨ ᠮᠠᠭᠠᠳᠯᠠᠭᠰᠠᠨ ᠦᠷ᠎ᠡ ᠳ᠋ᠦᠩ ᠢᠶᠠᠷ ᠬᠡᠷᠡᠭᠵᠢᠭᠦᠯᠬᠦ ᠨᠠᠷᠢᠨ ᠵᠦᠢᠯᠡᠰ ᠪᠠ ᠭᠤᠤᠯᠳᠠᠯᠭ᠎ᠠ ᠪᠣᠯᠭᠠᠵᠤ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠠ᠂ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠵᠠᠰᠠᠭ ᠤᠨ ᠶᠠᠪᠤᠳᠠᠯ ᠤᠨ ᠲᠠᠪᠤᠳᠤᠭᠠᠷ ᠰᠠᠯᠠᠭ᠎ᠠ ᠪᠥᠬᠦ ᠶᠠᠪᠤᠴᠠ ᠶᠢ ᠬᠠᠷᠢᠭᠤᠴᠠᠪᠠ᠃ ᠲᠥᠰᠦᠯ ᠢ ᠲᠤᠭᠤᠷᠪᠢᠬᠤ ᠶᠠᠪᠤᠴᠠ ᠳᠤ᠂ ᠡᠯ᠎ᠡ ᠠᠵᠤ ᠦᠢᠯᠡᠰ ᠤᠨ ᠬᠦᠷᠢᠶᠡᠯᠡᠩ ᠤᠨ ᠣᠲᠣ ᠶᠢᠨ ᠪᠠᠶᠢᠭ᠎ᠠ ᠠᠵᠤ ᠦᠢᠯᠡᠰ᠂ ᠦᠢᠯᠡᠳᠬᠦᠨ᠂ ᠦᠢᠯᠡᠳᠬᠦᠨ ᠤ ᠥᠷᠲᠡᠭ᠂ ᠠᠵᠤ ᠦᠢᠯᠡᠰ ᠤᠨ ᠬᠡᠯᠬᠢᠶ᠎ᠡ ᠶᠢᠨ ᠪᠠᠶᠢᠳᠠᠯ ᠳᠤ ᠪᠥᠬᠦ ᠲᠠᠯ᠎ᠠ ᠶᠢᠨ ᠪᠦᠷᠢᠳᠬᠡᠯ ᠬᠢᠵᠦ᠂ ︽ᠦᠨᠡᠨ ᠠᠴᠠ ᠵᠥᠪ ᠢ ᠡᠷᠢᠬᠦ᠂ ᠵᠦᠶ ᠵᠣᠬᠢᠰᠲᠠᠶ ᠲᠥᠰᠦᠭᠡᠯᠡᠬᠦ᠂ ᠵᠣᠬᠢᠰᠲᠠᠶ ᠳᠡᠭᠡᠭᠰᠢᠯᠡᠭᠦᠯᠬᠦ︾ ᠵᠠᠷᠴᠢᠮ ᠶᠣᠰᠣᠭᠠᠷ᠂ ᠲᠦᠷᠦᠭᠦᠦ ᠭᠤᠷᠪᠠᠨ ᠵᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠳᠤᠮᠳᠠᠴᠢ ᠨᠡᠮᠡᠭᠳᠡᠯ ᠤᠨ ᠬᠤᠷᠳᠤᠴᠠ 15.2 % ᠪᠠ ᠬᠠᠳᠠᠭᠠᠯᠠᠯᠲᠠ ᠵᠢᠴᠢ ᠲᠥᠯᠥᠪᠵᠢᠭᠦᠯᠭᠡ ᠶᠢᠨ ᠲᠥᠷᠥᠯ ᠵᠦᠢᠯ ᠢ ᠦᠨᠳᠦᠰᠦᠯᠡᠨ ᠪᠤᠳᠤᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠲᠠᠷᠠᠭᠠᠴᠢ ᠶᠢᠨ ᠲᠠᠪᠤᠨ ᠵᠢᠯ ᠤᠨ ᠡᠯ᠎ᠡ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠪᠠ᠃ ᠣᠳᠣᠬᠠᠨ ᠤ ᠠᠵᠤ ᠠᠬᠤᠶ ᠶᠢᠨ ᠪᠠᠶᠢᠳᠠᠯ ᠪᠣᠯᠤᠨ ᠶᠠᠭ ᠬᠡᠷᠡᠭᠵᠢᠭᠦᠯᠵᠦ ᠪᠠᠶᠢᠭ᠎ᠠ ᠵᠢᠴᠢ ᠲᠥᠯᠥᠪᠯᠡᠵᠦ ᠪᠠᠶᠢᠭ᠎ᠠ ᠲᠥᠷᠥᠯ ᠵᠦᠢᠯ ᠤᠨ ᠳᠠᠯᠳᠠ ᠨᠡᠮᠡᠭᠳᠡᠯ ᠤᠨ ᠬᠡᠮᠵᠢᠶ᠎ᠡ ᠳᠤ ᠳᠠᠬᠢᠨ ᠳᠠᠪᠲᠠᠨ ᠲᠥᠰᠦᠭᠡᠯᠡᠨ ᠪᠣᠳᠤᠨ ᠵᠠᠳᠠᠯᠤᠯᠲᠠ ᠬᠢᠬᠦ ᠪᠠᠷ ᠳᠠᠮᠵᠢᠭᠠᠳ᠂ ᠢᠷᠡᠬᠦ ᠲᠠᠪᠤᠨ ᠵᠢᠯ ᠳᠤ ᠵᠢᠯ ᠪᠦᠷᠢ ᠳᠤᠮᠳᠠᠴᠢ ᠪᠠᠷ 15.2 %᠎ ᠤᠨ ᠲᠣᠭᠲᠠᠭᠤᠨ ᠨᠡᠮᠡᠭᠳᠡᠯ ᠢ ᠪᠠᠲᠤᠯᠠᠨ 2000 ᠳ᠋ᠦᠩᠰᠢᠭᠤᠷ ᠢ ᠳᠠᠪᠠᠭᠤᠯᠵᠤ᠂ 2200 ᠳ᠋ᠦᠩᠰᠢᠭᠤᠷ ᠤᠨ ᠰᠢᠪᠲᠤᠯᠤᠯᠲᠠ ᠬᠢᠬᠦ ᠪᠠᠷ ᠴᠢᠷᠮᠠᠶᠢᠨ᠎ᠠ᠃     ᠬᠤᠶᠠᠷ᠂ ᠭᠦᠢᠴᠡᠳᠬᠡᠬᠦ ᠬᠤᠭᠤᠴᠠᠭ᠎ᠠ      ︽ᠲᠥᠰᠦᠯ︾᠎ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠡᠷᠡᠭᠵᠢᠭᠦᠯᠬᠦ ᠬᠤᠭᠤᠴᠠᠭ᠎ᠠ ᠨᠢ 2023-2027 ᠣᠨ ᠪᠣᠯᠤᠨ᠎ᠠ᠃      ᠭᠤᠷᠪᠠ᠂ ᠭᠤᠣᠯ ᠠᠭᠤᠯᠭ᠎ᠠ      ︽ᠲᠥᠰᠦᠯ︾᠎ ᠳᠤ ᠠᠵᠢᠯ ᠤᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠬᠡᠰᠡᠭ ᠪᠠᠭᠲᠠᠨ᠎ᠠ᠃      ᠨᠢᠭᠡᠳᠦᠭᠡᠷ ᠬᠡᠰᠡᠭ᠂ ᠠᠵᠢᠯ ᠤᠨ ᠬᠠᠷᠠᠯᠲᠠ᠃ ᠵᠢᠯ ᠤᠨ ᠳᠣᠲᠣᠷ᠎ᠠ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠠᠮᠵᠢᠯᠲᠠ ᠲᠠᠢ ᠪᠠᠶᠢᠭᠤᠯᠬᠤ ᠰᠠᠭᠤᠷᠢᠨ ᠳᠡᠭᠡᠷ᠎ᠡ᠂ 2027 ᠣᠨ ᠢᠶᠠᠷ ᠵᠠᠩᠭᠢᠯᠠᠭ᠎ᠠ ᠶᠢᠨ ᠴᠡᠭ ᠪᠣᠯᠭᠠᠵᠤ᠂ ᠭᠤᠤᠯᠯᠠᠬᠤ ᠠᠵᠤ ᠦᠢᠯᠡᠰ ᠲᠣᠳᠣᠷᠬᠠᠶ᠂ ᠣᠷᠣᠨ ᠵᠠᠶ ᠶᠢᠨ ᠪᠠᠶᠢᠷᠢᠯᠠᠭᠤᠯᠤᠯᠲᠠ ᠵᠣᠬᠢᠰᠲᠠᠶ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠲᠠᠢ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠠᠰᠢᠭᠯᠠᠬᠤ᠂ ᠠᠵᠤ ᠦᠢᠯᠡᠰ ᠪᠠ ᠬᠤᠲᠠ ᠭᠦᠨ ᠠᠭᠤᠰᠤᠯᠴᠠᠭᠰᠠᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠪᠠᠶᠢᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 2000 ᠳ᠋ᠦᠩᠰᠢᠭᠤᠷ ᠢ ᠳᠠᠪᠠᠨ᠂ 2200 ᠳ᠋ᠦᠩᠰᠢᠭᠤᠷ ᠬᠦᠷᠬᠦ ᠪᠠᠷ ᠴᠢᠷᠮᠠᠶᠢᠵᠤ᠂ ︽ᠮᠢᠩᠭᠠᠨ ᠳ᠋ᠦᠩᠰᠢᠭᠤᠷ ᠤᠨ ᠲᠠᠰ ᠤᠨ ᠵᠡᠭᠦᠨ ᠠᠭᠤᠯᠠ ᠶᠢᠨ ᠠᠵᠤ ᠦᠢᠯᠡᠰ ᠤᠨ ᠬᠦᠷᠢᠶᠡᠯᠡᠩ᠂ ᠳᠡᠭᠡᠳᠦ ᠰᠢᠨ᠎ᠡ ᠲᠣᠭᠤᠷᠢᠭ ᠤᠨ ᠮᠢᠩᠭᠠᠨ ᠳ᠋ᠦᠩᠰᠢᠭᠤᠷ ᠲᠠᠰ ᠤᠨ ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ ᠲᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ᠂ ᠵᠠᠭᠤᠨ ᠲᠦᠮᠡᠨ ᠳᠡᠰ ᠤᠨ ᠨᠡᠬᠡᠮᠡᠯ ᠤᠨ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ ᠲᠠᠰ ᠤᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ ᠲᠠᠰ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠵᠢᠯ᠂ 400 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠂ ᠵᠠᠭᠤᠨ ᠳ᠋ᠦᠩᠰᠢᠭᠤᠷ ᠳᠡᠰ ᠤᠨ ᠰᠠᠯᠬᠢ ᠭᠡᠷᠡᠯ ᠢᠶᠠᠷ ᠤᠰᠤᠲᠥ᠋ᠷᠥᠭᠴᠢ ᠨᠡᠶᠢᠯᠡᠯᠭᠡ ᠰᠢᠪᠲᠦᠷ ᠦᠢᠯᠡᠳᠬᠦ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ ᠲᠠᠰ ᠤᠨ ᠰᠢᠨ᠎ᠡ ᠡᠨᠧᠷᠭᠢ ᠶᠢᠨ ᠳ᠋ᠢᠶᠠᠨ ᡂᠢ ᠶᠢᠨ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ ᠲᠠᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠡᠯᠪᠢᠭ ᠲᠣᠨᠤᠭ ᠤᠨ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ ᠲᠠᠰ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ︾᠎ ᠤᠨ ︽ᠬᠤᠶᠠᠷ ᠮᠢᠩᠭ᠎ᠠ ᠠᠷᠪᠠᠨ ᠵᠠᠭᠤ︾᠎ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠂ ᠬᠥᠭᠵᠢᠯᠲᠡ ᠶᠢᠨ ᠰᠢᠰᠲ᠋ᠧᠮ ᠪᠣᠯᠤᠨ ᠬᠥᠭᠵᠢᠯᠲᠡ ᠶᠢᠨ ᠴᠢᠳᠠᠪᠤᠷᠢ ᠶᠢᠨ ᠪᠦᠬᠦ ᠲᠠᠯ᠎ᠠ ᠪᠠᠷ ᠣᠳᠣᠬᠢᠴᠢᠯᠠᠭᠰᠠᠨ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠲᠠᠪᠴᠠᠩ ᠤᠨ ᠰᠢᠰᠲ᠋ᠧᠮ ᠢ ᠪᠡᠶᠡᠯᠡᠭᠦᠯᠦᠨ᠎ᠡ᠃     ᠬᠤᠶᠠᠳᠤᠭᠠᠷ ᠬᠡᠰᠡᠭ᠂ ᠭᠤᠣᠯᠳᠠᠯᠭ᠎ᠠ ᠲᠠᠢ ᠡᠭᠦᠷᠭᠡ᠃ ︽ᠲᠥᠰᠦᠯ︾᠎ ᠤᠨ ᠬᠤᠶᠠᠳᠤᠭᠠᠷ ᠬᠡᠰᠡᠭ ᠢ 2027 ᠣᠨ ᠤ ᠡᠴᠦᠰ ᠢᠶᠠᠷ ᠵᠠᠩᠭᠢᠯᠠᠭ᠎ᠠ ᠶᠢᠨ ᠴᠡᠭ ᠪᠣᠯᠭᠠᠵᠤ᠂ ᠵᠡᠭᠦᠨ ᠠᠭᠤᠯᠠ ᠶᠢᠨ ᠠᠵᠤ ᠦᠢᠯᠡᠰ ᠤᠨ ᠬᠦᠷᠢᠶᠡᠯᠡᠩ᠂ ᠬᠤᠩᠱᠠᠨ ᠠᠵᠤ ᠦᠢᠯᠡᠰ ᠤᠨ ᠬᠦᠷᠢᠶᠡᠯᠡᠩ᠂ ᠰᠦᠩᠱᠠᠨ ᠠᠵᠤ ᠦᠢᠯᠡᠰ ᠤᠨ ᠬᠦᠷᠢᠶᠡᠯᠡᠩ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠵᠡᠷᠭᠡ ᠳᠥᠷᠪᠡᠨ ᠠᠵᠤ ᠦᠢᠯᠡᠰ ᠤᠨ ᠬᠦᠷᠢᠶᠡᠯᠡᠩ ᠳᠤ ᠲᠣᠰ ᠲᠣᠰ ᠡᠭᠦᠷᠭᠡ ᠳᠣᠭᠢᠷᠠᠭᠤᠯᠤᠨ᠎ᠠ᠃      ᠵᠡᠭᠦᠨ ᠠᠭᠤᠯᠠ ᠶᠢᠨ ᠠᠵᠤ ᠦᠢᠯᠡᠰ ᠤᠨ ᠬᠦᠷᠢᠶᠡᠯᠡᠩ᠄ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠯᠢᠲ᠋ᠢ ᠳ᠋ᠢᠶᠠᠨ ᡂᠢ ᠵᠡᠷᠭᠡ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 1010 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ︔ ᠬᠤᠩᠱᠠᠨ ᠠᠵᠤ ᠦᠢᠯᠡᠰ ᠤᠨ ᠬᠦᠷᠢᠶᠡᠯᠡᠩ᠄ ᠲᠡᠮᠦᠷᠯᠢᠭ ᠬᠠᠶᠢᠯᠤᠭᠤᠯᠬᠤ᠂ ᠡᠮ ᠡᠮᠨᠡᠯᠭᠡ᠂ ᠨᠡᠬᠡᠮᠡᠯ ᠪᠠ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 460 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ︔ ᠰᠦᠩᠱᠠᠨ ᠠᠵᠤ ᠦᠢᠯᠡᠰ ᠤᠨ ᠬᠦᠷᠢᠶᠡᠯᠡᠩ᠄ ᠢᠳᠡᠭᠡᠨ ᠡᠳ᠋ᠰᠢᠭᠦᠯᠬᠦ᠂ ᠮᠠᠰᠢᠨ ᠦᠢᠯᠡᠳᠬᠦ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 420 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ︔ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ᠄ ᠬᠢᠮᠢ ᠶᠢᠨ ᠠᠵᠤ ᠦᠢᠯᠡᠳᠪᠦᠷᠢ᠂ ᠡᠨᠧᠷᠭᠢ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠢᠳᠡᠭᠡᠨ ᠡᠳ᠋ᠰᠢᠭᠦᠯᠬᠦ ᠵᠡᠷᠭᠡ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 380 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃      ᠭᠤᠷᠪᠠᠳᠤᠭᠠᠷ ᠬᠡᠰᠡᠭ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠲᠥᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠥᠷᠨᠢᠭᠦᠯᠬᠦ᠂ ᠠᠵᠤ ᠦᠢᠯᠡᠰ ᠤᠨ ᠲᠥᠪᠯᠡᠷᠡᠯ ᠢ ᠠᠬᠢᠭᠤᠯᠬᠤ ᠂ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠠᠵᠢᠯᠯᠠᠭᠠᠨ ᠤ ᠲᠣᠬᠢᠷᠠᠭᠤᠯᠭ᠎ᠠ ᠶᠢ ᠲᠡᠭᠦᠯᠳᠡᠷᠵᠢᠭᠦᠯᠬᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠯᠠᠨ ᠲᠠᠯ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠤᠯᠠᠭᠠᠨᠬᠠᠳᠠ ᠶᠢᠨ ᠳᠡᠭᠡᠳᠤ ᠰᠢᠨ᠎ᠡ ᠮᠡᠷᠭᠡᠵᠢᠯ ᠤᠨ ᠲᠣᠭᠤᠷᠢᠭ ᠤᠨ 2000 ᠳ᠋ᠦᠩᠰᠢᠭᠤᠷ ᠤᠨ ᠬᠦᠷᠢᠶᠡᠯᠡᠩ ᠲᠣᠭᠤᠷᠢᠭ ᠲᠤ ᠰᠢᠪᠲᠤᠯᠤᠯᠲᠠ ᠬᠢᠬᠦ ᠲᠠᠪᠤᠨ ᠵᠢᠯ ᠤᠨ ᠠᠵᠢᠯᠯᠠᠭᠠᠨ ᠢ ᠦᠷᠭᠦᠯᠵᠢᠯᠡᠨ ᠠᠬᠢᠭᠤᠯᠬᠤ ᠶᠢ ᠪᠠᠲᠤᠯᠠᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ