ᠥᠪᠡᠷᠲᠡᠭᠡᠨ ᠵᠠᠰᠠᠬᠤ ᠣᠷᠣᠨ ᠤ ᠲᠦᠷᠦᠭᠦᠸ ᠪᠦᠯᠦᠭ ᠤᠨ ᠬᠠᠷ᠎ᠠ ᠬᠥᠷᠥᠰᠥ ᠶᠢ ᠬᠠᠮᠠᠭᠠᠯᠠᠬᠤ ᠲᠥᠰᠥᠯ ᠢ ᠲᠣᠭᠲᠠᠭᠠᠪᠠ
ᠨᠡᠶᠢᠲᠡᠯᠡᠭᠰᠡᠨ ᠴᠠᠭ᠄
2023/9/27
      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠥᠷ ᠮᠣᠩᠭᠤᠯ ᠤᠨ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ︵ᠤᠰᠤᠨ ᠳᠤ ᠵᠢᠪᠦᠭᠰᠡᠨ ᠣᠷᠣᠨ︶ ᠶᠢᠨ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠬᠠᠭᠤᠯᠵᠤ ᠲᠦᠷ ᠬᠠᠳᠠᠭᠠᠯᠠᠬᠤ ᠲᠥᠰᠥᠯ  ᠢ ᠰᠢᠯᠭᠠᠨ ᠬᠦᠯᠢᠶᠡᠨ ᠠᠪᠬᠤ ᠳᠤ ᠬᠢᠷᠢ ᠲᠡᠩᠴᠡᠪᠡ᠃       ᠣᠶᠢᠯᠠᠭᠠᠭᠰᠠᠨ ᠢᠶᠠᠷ᠂ ︽14 • 5︾ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠬᠠᠷ᠎ᠠ ᠬᠥᠷᠥᠰᠥᠨ ᠤ ᠡᠬᠢ ᠪᠠᠶᠠᠯᠢᠭ ᠤᠨ ᠦᠷᠭᠦᠯᠵᠢᠯᠡᠬᠦᠶᠢᠴᠡ ᠠᠰᠢᠭᠯᠠᠯᠲᠠ ᠶᠢ ᠠᠬᠢᠭᠤᠯᠬᠤ᠂ ᠲᠠᠷᠢᠶᠠᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠤᠣᠯ ᠬᠠᠷᠠᠯᠲᠠ ᠪᠣᠯᠭᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠡᠰᠡᠭᠴᠢᠯᠡᠨ ᠵᠠᠰᠠᠵᠤ᠂ ᠬᠠᠮᠠᠭᠠᠯᠠᠬᠤ ᠶᠢᠨ ᠳᠠᠭᠠᠤ ᠠᠰᠢᠭᠯᠠᠬᠤ᠂ ᠠᠰᠢᠭᠯᠠᠬᠤ ᠶᠢᠨ ᠳᠠᠭᠠᠤ ᠬᠠᠮᠠᠭᠠᠯᠠᠬᠤ ᠶᠢ ᠬᠦᠴᠦᠯᠡᠨ ᠪᠡᠶᠡᠯᠡᠭᠦᠯᠵᠦ᠂ ᠥᠪᠥᠷ ᠮᠣᠩᠭᠤᠯ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ ᠪᠠᠬᠢᠵᠢᠭᠦᠯᠵᠦ᠂ ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠳᠤ ︽ᠠᠷᠤ ᠭᠠᠵᠠᠷ ᠤᠨ ᠠᠮᠤ︾ ᠨᠡᠮᠡᠷᠢᠯᠡᠪᠡ᠃       ᠥᠪᠥᠷ ᠮᠣᠩᠭᠤᠯ ᠤᠨ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ︵ᠤᠰᠤᠨ ᠳᠤ ᠵᠢᠪᠦᠭᠰᠡᠨ ᠣᠷᠣᠨ︶  ᠶᠢᠨ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠬᠠᠭᠤᠯᠵᠤ ᠲᠦᠷ ᠬᠠᠳᠠᠭᠠᠯᠠᠬᠤ ᠲᠥᠰᠥᠯ  ᠨᠢ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠪᠠᠶᠢᠷᠢᠯᠠᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷ᠎ᠠ ᠬᠥᠷᠥᠰᠥ ᠶᠢ ᠬᠠᠮᠠᠭᠠᠯᠠᠬᠤ ᠬᠠᠤᠯᠢ︾ ᠶᠢ ᠦᠨᠳᠦᠰᠦᠯᠡᠨ ᠲᠣᠭᠲᠠᠭᠠᠭᠰᠠᠨ ᠬᠠᠷ᠎ᠠ ᠬᠥᠷᠥᠰᠥ ᠶᠢ ᠬᠠᠮᠠᠭᠠᠯᠠᠬᠤ ᠲᠥᠰᠥᠯ ᠪᠠᠶᠢᠵᠤ᠂ ᠬᠠᠭᠤᠯᠤᠭᠰᠠᠨ ᠲᠠᠯᠠᠪᠠᠶ ᠨᠢ 638.5 ᠾᠧᠺᠲ᠋ᠠᠷ᠂ ᠰᠢᠷᠣᠢ ᠶᠢᠨ ᠶᠡᠷᠦᠩᠬᠡᠢ ᠬᠡᠮᠵᠢᠶ᠎ᠡ ᠨᠢ 141.23 ᠲᠦᠮᠡᠨ ᠺᠦᠪ ᠮᠧᠲᠷ᠂ ᠢᠨᠵᠧᠨᠧᠷᠢᠩ ᠤᠨ ᠪᠠᠷᠤᠭᠴᠠᠭᠠᠯᠠᠭᠰᠠᠨ ᠪᠡᠯᠡ ᠣᠷᠣᠭᠤᠯᠤᠯᠲᠠ ᠨᠢ 1.15 ᠳ᠋ᠦᠩᠰᠢᠭᠤᠷ ᠲᠥᠭᠦᠷᠢᠭ ᠪᠠᠶᠢᠵᠤ᠂ ᠭᠤᠣᠯᠳᠠᠭᠤ ᠥᠨᠳᠡᠭᠡᠨ ᠤᠰᠤᠨ ᠴᠥᠭᠦᠷᠥᠮ ᠤᠨ ᠬᠡᠰᠡᠭ  ᠲᠠᠬᠢ ᠵᠠᠯᠠᠶᠢᠳ ᠬᠤᠰᠢᠭᠤᠨ ᠤ 8 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠺᠣᠮᠫᠠᠨᠢ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠡᠢ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ