| ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ︽ᠤᠯᠠᠭᠠᠨᠬᠠᠳᠠ ᠬᠤᠲᠠ ᠶᠢᠨ | ᠠᠵᠤ ᠦᠢᠯᠡᠳᠪᠦᠷᠢ ᠶᠢᠨ ᠳᠠᠬᠢᠨ ᠨᠡᠮᠡᠭᠳᠡᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠤᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠪᠥᠬᠦ ᠬᠤᠲᠠ ᠶᠢᠨ ᠠᠵᠤ ᠠᠬᠤᠶ ᠶᠢᠨ ᠭᠤᠤᠯ ᠳᠠᠶᠢᠯᠠᠯᠳᠤᠭᠠᠨ ᠤ ᠲᠠᠯᠠᠪᠤᠷ ᠤᠨ ᠦᠢᠯᠡᠳᠦᠯ ᠢ ᠨᠠᠩ ᠰᠠᠶᠢᠨ ᠪᠠᠳᠠᠷᠠᠭᠤᠯᠤᠨ᠂ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠳᠠᠬᠢᠨ ᠨᠡᠮᠡᠭᠳᠡᠭᠦᠯᠬᠦ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠲᠦᠷᠦᠭᠦᠯᠡᠨ ︽ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ 2000 ᠳ᠋ᠦᠩᠰᠢᠭᠤᠷ ᠤᠨ ᠬᠦᠷᠢᠶᠡᠯᠡᠩ ᠲᠣᠭᠤᠷᠢᠭ ᠲᠤ | ᠰᠢᠪᠲᠤᠯᠤᠯᠲᠠ ᠬᠢᠬᠦ ᠲᠠᠪᠤᠨ ᠵᠢᠯ ᠤᠨ ᠠᠵᠢᠯᠯᠠᠭᠠᠨ ᠤ ᠲᠥᠰᠦᠯ ︵2023-2027︶︾ ᠢ ᠲᠤᠭᠤᠷᠪᠢᠵᠤ᠂ ᠡᠭᠦᠨ ᠢᠶᠠᠷ ︽ᠤᠯᠠᠭᠠᠨᠬᠠᠳᠠ ᠬᠤᠲᠠ ᠶᠢᠨ ᠠᠵᠤ | ᠦᠢᠯᠡᠳᠪᠦᠷᠢ ᠶᠢᠨ ᠳᠠᠬᠢᠨ ᠨᠡᠮᠡᠭᠳᠡᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ ᠦᠷᠭᠦᠯᠵᠢᠯᠡᠭᠦᠯᠪᠡ᠃ | ︽ᠲᠥᠰᠦᠯ︾ ᠤᠨ ᠠᠭᠤᠯᠭ᠎ᠠ ᠨᠢ ᠡᠯ᠎ᠡ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠬᠠᠩᠭᠠᠭᠰᠠᠨ ᠲᠥᠷᠥᠯ ᠵᠦᠢᠯ ᠢᠶᠠᠷ | ᠲᠤᠯᠭᠠᠭᠤᠷᠢᠯᠠᠯ ᠪᠣᠯᠭᠠᠵᠤ᠂ ᠭᠤᠷᠪᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠯᠠᠨ ᠤᠳᠠᠭᠠᠨ ᠤ ᠰᠤᠳᠤᠯᠤᠨ ᠮᠠᠭᠠᠳᠯᠠᠭᠰᠠᠨ ᠦᠷ᠎ᠡ | ᠳ᠋ᠦᠩ ᠢᠶᠠᠷ ᠬᠡᠷᠡᠭᠵᠢᠭᠦᠯᠬᠦ ᠨᠠᠷᠢᠨ ᠵᠦᠢᠯᠡᠰ ᠪᠠ ᠭᠤᠤᠯᠳᠠᠯᠭ᠎ᠠ ᠪᠣᠯᠭᠠᠵᠤ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠠ᠂ ᠬᠥᠭᠵᠢᠭᠦᠯᠦᠯᠲᠡ | ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ᠂ ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ ᠤᠨ ᠵᠠᠰᠠᠭ ᠤᠨ ᠶᠠᠪᠤᠳᠠᠯ ᠤᠨ ᠲᠠᠪᠤᠳᠤᠭᠠᠷ ᠰᠠᠯᠠᠭ᠎ᠠ ᠪᠥᠬᠦ ᠶᠠᠪᠤᠴᠠ ᠶᠢ ᠬᠠᠷᠢᠭᠤᠴᠠᠪᠠ᠃ ᠲᠥᠰᠦᠯ ᠢ ᠲᠤᠭᠤᠷᠪᠢᠬᠤ ᠶᠠᠪᠤᠴᠠ ᠳᠤ᠂ ᠡᠯ᠎ᠡ | ᠠᠵᠤ ᠦᠢᠯᠡᠰ ᠤᠨ ᠬᠦᠷᠢᠶᠡᠯᠡᠩ ᠤᠨ ᠣᠲᠣ ᠶᠢᠨ ᠪᠠᠶᠢᠭ᠎ᠠ ᠠᠵᠤ ᠦᠢᠯᠡᠰ᠂ ᠦᠢᠯᠡᠳᠬᠦᠨ᠂ ᠦᠢᠯᠡᠳᠬᠦᠨ ᠤ ᠥᠷᠲᠡᠭ᠂ ᠠᠵᠤ ᠦᠢᠯᠡᠰ ᠤᠨ ᠬᠡᠯᠬᠢᠶ᠎ᠡ ᠶᠢᠨ | ᠪᠠᠶᠢᠳᠠᠯ ᠳᠤ ᠪᠥᠬᠦ ᠲᠠᠯ᠎ᠠ ᠶᠢᠨ ᠪᠦᠷᠢᠳᠬᠡᠯ ᠬᠢᠵᠦ᠂ ︽ᠦᠨᠡᠨ ᠠᠴᠠ ᠵᠥᠪ ᠢ ᠡᠷᠢᠬᠦ᠂ ᠵᠦᠶ ᠵᠣᠬᠢᠰᠲᠠᠶ ᠲᠥᠰᠦᠭᠡᠯᠡᠬᠦ᠂ ᠵᠣᠬᠢᠰᠲᠠᠶ ᠳᠡᠭᠡᠭᠰᠢᠯᠡᠭᠦᠯᠬᠦ︾ ᠵᠠᠷᠴᠢᠮ | ᠶᠣᠰᠣᠭᠠᠷ᠂ ᠲᠦᠷᠦᠭᠦᠦ ᠭᠤᠷᠪᠠᠨ ᠵᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠳᠤᠮᠳᠠᠴᠢ ᠨᠡᠮᠡᠭᠳᠡᠯ ᠤᠨ ᠬᠤᠷᠳᠤᠴᠠ 15.2 % ᠪᠠ | ᠬᠠᠳᠠᠭᠠᠯᠠᠯᠲᠠ ᠵᠢᠴᠢ ᠲᠥᠯᠥᠪᠵᠢᠭᠦᠯᠭᠡ ᠶᠢᠨ ᠲᠥᠷᠥᠯ ᠵᠦᠢᠯ ᠢ ᠦᠨᠳᠦᠰᠦᠯᠡᠨ ᠪᠤᠳᠤᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠲᠠᠷᠠᠭᠠᠴᠢ ᠶᠢᠨ ᠲᠠᠪᠤᠨ | ᠵᠢᠯ ᠤᠨ ᠡᠯ᠎ᠡ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠪᠠ᠃ ᠣᠳᠣᠬᠠᠨ ᠤ ᠠᠵᠤ ᠠᠬᠤᠶ ᠶᠢᠨ ᠪᠠᠶᠢᠳᠠᠯ ᠪᠣᠯᠤᠨ ᠶᠠᠭ ᠬᠡᠷᠡᠭᠵᠢᠭᠦᠯᠵᠦ | ᠪᠠᠶᠢᠭ᠎ᠠ ᠵᠢᠴᠢ ᠲᠥᠯᠥᠪᠯᠡᠵᠦ ᠪᠠᠶᠢᠭ᠎ᠠ ᠲᠥᠷᠥᠯ ᠵᠦᠢᠯ ᠤᠨ ᠳᠠᠯᠳᠠ ᠨᠡᠮᠡᠭᠳᠡᠯ ᠤᠨ ᠬᠡᠮᠵᠢᠶ᠎ᠡ ᠳᠤ ᠳᠠᠬᠢᠨ ᠳᠠᠪᠲᠠᠨ ᠲᠥᠰᠦᠭᠡᠯᠡᠨ ᠪᠣᠳᠤᠨ ᠵᠠᠳᠠᠯᠤᠯᠲᠠ ᠬᠢᠬᠦ ᠪᠠᠷ | ᠳᠠᠮᠵᠢᠭᠠᠳ᠂ ᠢᠷᠡᠬᠦ ᠲᠠᠪᠤᠨ ᠵᠢᠯ ᠳᠤ ᠵᠢᠯ ᠪᠦᠷᠢ ᠳᠤᠮᠳᠠᠴᠢ ᠪᠠᠷ 15.2 % ᠤᠨ ᠲᠣᠭᠲᠠᠭᠤᠨ ᠨᠡᠮᠡᠭᠳᠡᠯ ᠢ ᠪᠠᠲᠤᠯᠠᠨ 2000 ᠳ᠋ᠦᠩᠰᠢᠭᠤᠷ ᠢ ᠳᠠᠪᠠᠭᠤᠯᠵᠤ᠂ | 2200 ᠳ᠋ᠦᠩᠰᠢᠭᠤᠷ ᠤᠨ ᠰᠢᠪᠲᠤᠯᠤᠯᠲᠠ ᠬᠢᠬᠦ ᠪᠠᠷ ᠴᠢᠷᠮᠠᠶᠢᠨ᠎ᠠ᠃ | | ᠬᠤᠶᠠᠷ᠂ ᠭᠦᠢᠴᠡᠳᠬᠡᠬᠦ ᠬᠤᠭᠤᠴᠠᠭ᠎ᠠ | ︽ᠲᠥᠰᠦᠯ︾ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠡᠷᠡᠭᠵᠢᠭᠦᠯᠬᠦ ᠬᠤᠭᠤᠴᠠᠭ᠎ᠠ ᠨᠢ 2023-2027 ᠣᠨ ᠪᠣᠯᠤᠨ᠎ᠠ᠃ | | ᠭᠤᠷᠪᠠ᠂ ᠭᠤᠣᠯ ᠠᠭᠤᠯᠭ᠎ᠠ | ︽ᠲᠥᠰᠦᠯ︾ ᠳᠤ ᠠᠵᠢᠯ ᠤᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠬᠡᠰᠡᠭ ᠪᠠᠭᠲᠠᠨ᠎ᠠ᠃ | ᠨᠢᠭᠡᠳᠦᠭᠡᠷ ᠬᠡᠰᠡᠭ᠂ ᠠᠵᠢᠯ ᠤᠨ ᠬᠠᠷᠠᠯᠲᠠ᠃ ᠵᠢᠯ ᠤᠨ ᠳᠣᠲᠣᠷ᠎ᠠ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠠᠮᠵᠢᠯᠲᠠ ᠲᠠᠢ | ᠪᠠᠶᠢᠭᠤᠯᠬᠤ ᠰᠠᠭᠤᠷᠢᠨ ᠳᠡᠭᠡᠷ᠎ᠡ᠂ 2027 ᠣᠨ ᠢᠶᠠᠷ ᠵᠠᠩᠭᠢᠯᠠᠭ᠎ᠠ ᠶᠢᠨ ᠴᠡᠭ ᠪᠣᠯᠭᠠᠵᠤ᠂ ᠭᠤᠤᠯᠯᠠᠬᠤ ᠠᠵᠤ ᠦᠢᠯᠡᠰ ᠲᠣᠳᠣᠷᠬᠠᠶ᠂ ᠣᠷᠣᠨ ᠵᠠᠶ ᠶᠢᠨ | ᠪᠠᠶᠢᠷᠢᠯᠠᠭᠤᠯᠤᠯᠲᠠ ᠵᠣᠬᠢᠰᠲᠠᠶ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠲᠠᠢ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠠᠰᠢᠭᠯᠠᠬᠤ᠂ ᠠᠵᠤ ᠦᠢᠯᠡᠰ | ᠪᠠ ᠬᠤᠲᠠ ᠭᠦᠨ ᠠᠭᠤᠰᠤᠯᠴᠠᠭᠰᠠᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠪᠠᠶᠢᠭᠤᠯᠵᠤ᠂ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 2000 ᠳ᠋ᠦᠩᠰᠢᠭᠤᠷ ᠢ ᠳᠠᠪᠠᠨ᠂ 2200 ᠳ᠋ᠦᠩᠰᠢᠭᠤᠷ ᠬᠦᠷᠬᠦ ᠪᠠᠷ ᠴᠢᠷᠮᠠᠶᠢᠵᠤ᠂ ︽ᠮᠢᠩᠭᠠᠨ | ᠳ᠋ᠦᠩᠰᠢᠭᠤᠷ ᠤᠨ ᠲᠠᠰ ᠤᠨ ᠵᠡᠭᠦᠨ ᠠᠭᠤᠯᠠ ᠶᠢᠨ ᠠᠵᠤ ᠦᠢᠯᠡᠰ ᠤᠨ ᠬᠦᠷᠢᠶᠡᠯᠡᠩ᠂ ᠳᠡᠭᠡᠳᠦ ᠰᠢᠨ᠎ᠡ ᠲᠣᠭᠤᠷᠢᠭ ᠤᠨ ᠮᠢᠩᠭᠠᠨ ᠳ᠋ᠦᠩᠰᠢᠭᠤᠷ ᠲᠠᠰ ᠤᠨ ᠲᠡᠮᠦᠷᠯᠢᠭ | ᠬᠠᠶᠢᠯᠤᠭᠤᠯᠬᠤ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ ᠲᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ᠂ ᠵᠠᠭᠤᠨ ᠲᠦᠮᠡᠨ ᠳᠡᠰ ᠤᠨ | ᠨᠡᠬᠡᠮᠡᠯ ᠤᠨ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ ᠲᠠᠰ ᠤᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ᠂ ᠵᠠᠭᠤᠨ | ᠳ᠋ᠦᠩᠰᠢᠭᠤᠷ ᠲᠠᠰ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠵᠢᠯ᠂ 400 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ᠂ | ᠵᠠᠭᠤᠨ ᠳ᠋ᠦᠩᠰᠢᠭᠤᠷ ᠳᠡᠰ ᠤᠨ ᠰᠠᠯᠬᠢ ᠭᠡᠷᠡᠯ ᠢᠶᠠᠷ ᠤᠰᠤᠲᠥ᠋ᠷᠥᠭᠴᠢ ᠨᠡᠶᠢᠯᠡᠯᠭᠡ ᠰᠢᠪᠲᠦᠷ ᠦᠢᠯᠡᠳᠬᠦ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ | ᠲᠠᠰ ᠤᠨ ᠰᠢᠨ᠎ᠡ ᠡᠨᠧᠷᠭᠢ ᠶᠢᠨ ᠳ᠋ᠢᠶᠠᠨ ᡂᠢ ᠶᠢᠨ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ ᠲᠠᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠰᠡᠯᠪᠢᠭ ᠲᠣᠨᠤᠭ ᠤᠨ ᠠᠵᠤ ᠦᠢᠯᠡᠰ ᠤᠨ ᠪᠦᠯᠦᠭᠵᠢᠯ᠂ ᠵᠠᠭᠤᠨ ᠳ᠋ᠦᠩᠰᠢᠭᠤᠷ ᠲᠠᠰ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ | ᠪᠦᠯᠦᠭᠵᠢᠯ︾ ᠤᠨ ︽ᠬᠤᠶᠠᠷ ᠮᠢᠩᠭ᠎ᠠ ᠠᠷᠪᠠᠨ ᠵᠠᠭᠤ︾ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠂ ᠬᠥᠭᠵᠢᠯᠲᠡ ᠶᠢᠨ ᠰᠢᠰᠲ᠋ᠧᠮ ᠪᠣᠯᠤᠨ | ᠬᠥᠭᠵᠢᠯᠲᠡ ᠶᠢᠨ ᠴᠢᠳᠠᠪᠤᠷᠢ ᠶᠢᠨ ᠪᠦᠬᠦ ᠲᠠᠯ᠎ᠠ ᠪᠠᠷ ᠣᠳᠣᠬᠢᠴᠢᠯᠠᠭᠰᠠᠨ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠲᠠᠪᠴᠠᠩ ᠤᠨ | ᠰᠢᠰᠲ᠋ᠧᠮ ᠢ ᠪᠡᠶᠡᠯᠡᠭᠦᠯᠦᠨ᠎ᠡ᠃ | ᠬᠤᠶᠠᠳᠤᠭᠠᠷ ᠬᠡᠰᠡᠭ᠂ ᠭᠤᠣᠯᠳᠠᠯᠭ᠎ᠠ ᠲᠠᠢ ᠡᠭᠦᠷᠭᠡ᠃ ︽ᠲᠥᠰᠦᠯ︾ ᠤᠨ ᠬᠤᠶᠠᠳᠤᠭᠠᠷ ᠬᠡᠰᠡᠭ ᠢ 2027 ᠣᠨ ᠤ ᠡᠴᠦᠰ ᠢᠶᠠᠷ ᠵᠠᠩᠭᠢᠯᠠᠭ᠎ᠠ ᠶᠢᠨ ᠴᠡᠭ | ᠪᠣᠯᠭᠠᠵᠤ᠂ ᠵᠡᠭᠦᠨ ᠠᠭᠤᠯᠠ ᠶᠢᠨ ᠠᠵᠤ ᠦᠢᠯᠡᠰ ᠤᠨ ᠬᠦᠷᠢᠶᠡᠯᠡᠩ᠂ ᠬᠤᠩᠱᠠᠨ ᠠᠵᠤ ᠦᠢᠯᠡᠰ ᠤᠨ ᠬᠦᠷᠢᠶᠡᠯᠡᠩ᠂ ᠰᠦᠩᠱᠠᠨ ᠠᠵᠤ ᠦᠢᠯᠡᠰ ᠤᠨ ᠬᠦᠷᠢᠶᠡᠯᠡᠩ᠂ | ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠵᠡᠷᠭᠡ ᠳᠥᠷᠪᠡᠨ ᠠᠵᠤ ᠦᠢᠯᠡᠰ ᠤᠨ ᠬᠦᠷᠢᠶᠡᠯᠡᠩ ᠳᠤ ᠲᠣᠰ ᠲᠣᠰ ᠡᠭᠦᠷᠭᠡ ᠳᠣᠭᠢᠷᠠᠭᠤᠯᠤᠨ᠎ᠠ᠃ | ᠵᠡᠭᠦᠨ ᠠᠭᠤᠯᠠ ᠶᠢᠨ ᠠᠵᠤ ᠦᠢᠯᠡᠰ ᠤᠨ ᠬᠦᠷᠢᠶᠡᠯᠡᠩ᠄ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠯᠢᠲ᠋ᠢ ᠳ᠋ᠢᠶᠠᠨ ᡂᠢ ᠵᠡᠷᠭᠡ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 1010 | ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ︔ ᠬᠤᠩᠱᠠᠨ ᠠᠵᠤ ᠦᠢᠯᠡᠰ ᠤᠨ ᠬᠦᠷᠢᠶᠡᠯᠡᠩ᠄ ᠲᠡᠮᠦᠷᠯᠢᠭ ᠬᠠᠶᠢᠯᠤᠭᠤᠯᠬᠤ᠂ ᠡᠮ ᠡᠮᠨᠡᠯᠭᠡ᠂ ᠨᠡᠬᠡᠮᠡᠯ ᠪᠠ ᠲᠣᠨᠣᠭᠯᠠᠯ | ᠦᠢᠯᠡᠳᠬᠦ ᠵᠡᠷᠭᠡ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠢ ᠥᠷᠲᠡᠭ ᠢ 460 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ︔ ᠰᠦᠩᠱᠠᠨ ᠠᠵᠤ ᠦᠢᠯᠡᠰ ᠤᠨ ᠬᠦᠷᠢᠶᠡᠯᠡᠩ᠄ ᠢᠳᠡᠭᠡᠨ ᠡᠳ᠋ᠰᠢᠭᠦᠯᠬᠦ᠂ | ᠮᠠᠰᠢᠨ ᠦᠢᠯᠡᠳᠬᠦ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 420 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ︔ ᠶᠤᠸᠠᠨ ᠪᠦᠦ ᠱᠠᠨ ᠠᠵᠤ | ᠦᠢᠯᠡᠰ ᠤᠨ ᠬᠦᠷᠢᠶᠡᠯᠡᠩ᠄ ᠬᠢᠮᠢ ᠶᠢᠨ ᠠᠵᠤ ᠦᠢᠯᠡᠳᠪᠦᠷᠢ᠂ ᠡᠨᠧᠷᠭᠢ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠢᠳᠡᠭᠡᠨ ᠡᠳ᠋ᠰᠢᠭᠦᠯᠬᠦ ᠵᠡᠷᠭᠡ | ᠠᠵᠤ ᠦᠢᠯᠡᠰ ᠢ ᠬᠦᠴᠦᠯᠡᠨ ᠬᠥᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 380 ᠳ᠋ᠦᠩᠰᠢᠭᠤᠷ | ᠲᠥᠭᠦᠷᠢᠭ ᠪᠡᠶᠡᠯᠡᠭᠦᠯᠦᠨ᠎ᠡ᠃ | ᠭᠤᠷᠪᠠᠳᠤᠭᠠᠷ ᠬᠡᠰᠡᠭ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠲᠥᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠠᠷᠠᠯᠵᠢᠶᠠᠴᠢᠨ ᠤᠷᠢᠵᠤ ᠪᠡᠯᠡ | ᠲᠠᠲᠠᠬᠤ ᠶᠢ ᠥᠷᠨᠢᠭᠦᠯᠬᠦ᠂ ᠠᠵᠤ ᠦᠢᠯᠡᠰ ᠤᠨ ᠲᠥᠪᠯᠡᠷᠡᠯ ᠢ ᠠᠬᠢᠭᠤᠯᠬᠤ᠂ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠠᠵᠢᠯᠯᠠᠭᠠᠨ ᠤ | ᠲᠣᠬᠢᠷᠠᠭᠤᠯᠭ᠎ᠠ ᠶᠢ ᠲᠡᠭᠦᠯᠳᠡᠷᠵᠢᠭᠦᠯᠬᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠲᠥᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠣᠯᠠᠨ ᠲᠠᠯ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠤᠯᠠᠭᠠᠨᠬᠠᠳᠠ ᠶᠢᠨ ᠳᠡᠭᠡᠳᠤ ᠰᠢᠨ᠎ᠡ ᠮᠡᠷᠭᠡᠵᠢᠯ ᠤᠨ | ᠲᠣᠭᠤᠷᠢᠭ ᠤᠨ 2000 ᠳ᠋ᠦᠩᠰᠢᠭᠤᠷ ᠤᠨ ᠬᠦᠷᠢᠶᠡᠯᠡᠩ ᠲᠣᠭᠤᠷᠢᠭ ᠲᠤ ᠰᠢᠪᠲᠤᠯᠤᠯᠲᠠ ᠬᠢᠬᠦ ᠲᠠᠪᠤᠨ ᠵᠢᠯ ᠤᠨ ᠠᠵᠢᠯᠯᠠᠭᠠᠨ ᠢ ᠦᠷᠭᠦᠯᠵᠢᠯᠡᠨ ᠠᠬᠢᠭᠤᠯᠬᠤ ᠶᠢ | ᠪᠠᠲᠤᠯᠠᠨ᠎ᠠ᠃ | | |