ᠸᠠᠩ ᠯᠢ ᠰᠢᠶᠠ ᠠᠷᠤ ᠬᠤᠷᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/9/28
     9 ᠰᠠᠷ᠎ᠠ ᠶᠢᠨ 26 ᠠᠴᠠ 27 ᠤ ᠡᠳᠦᠷ ᠪᠣᠯᠲᠠᠯ᠎ᠠ᠂ ᠸᠠᠩ ᠯᠢ ᠰᠢᠶᠠ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠳᠤ ᠠᠮᠢ ᠠᠬᠤᠶ ᠶᠢᠨ ᠬᠠᠮᠠᠭᠠᠯᠠᠯᠲᠠ᠂ ᠮᠠᠯ ᠠᠵᠤ ᠠᠬᠤᠶ ᠶᠢᠨ ᠬᠥᠭᠵᠢᠯᠲᠡ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠠᠶᠢᠴᠠᠭᠠᠨ ᠰᠤᠳᠤᠯᠪᠠ᠃      ᠨᠢᠰᠬᠡᠯ ᠠᠴᠠ ᠪᠠᠭᠤᠮᠠᠭᠴᠠ᠂ ᠸᠠᠩ ᠯᠢ ᠰᠢᠶᠠ ᠲᠠᠯ᠎ᠠ ᠨᠤᠲᠤᠭ ᠲᠤ ᠬᠦᠷᠴᠦ᠂ ᠮᠠᠯᠴᠢᠨ ᠷᠠᠰᠢᠰᠤᠪᠬ᠎ᠠ ᠶᠢᠨ ᠭᠡᠷ ᠪᠠ ᠨᠡᠭᠦᠳᠡᠯ ᠮᠠᠯᠵᠢᠯ ᠤᠨ ᠡᠷᠦᠬᠡ ᠰᠠᠶᠢᠰᠢᠶᠠᠯᠳᠤ ᠶᠢᠨ ᠮᠣᠩᠭᠤᠯ ᠭᠡᠷ ᠲᠤ ᠬᠦᠷᠴᠦ᠂ ᠲᠡᠳᠡᠨ ᠲᠠᠢ ᠶᠠᠷᠢᠯᠴᠠᠨ᠂ ᠣᠷᠣᠯᠭ᠎ᠠ ᠪᠠ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷᠳᠡᠯ ᠢ ᠨᠠᠷᠢᠨ ᠠᠰᠠᠭᠤᠵᠤ᠂ ᠪᠡᠯᠴᠢᠭᠡᠷ ᠤᠨ ᠳᠠᠭᠠᠭᠠᠴᠠ ᠶᠢ ᠪᠤᠳᠤᠪᠠ᠃ ᠲᠡᠷᠡ᠂ ᠮᠠᠯ ᠠᠵᠤ ᠠᠬᠤᠶ ᠪᠣᠯ ᠠᠷᠤ ᠬᠤᠷᠴᠢᠨ ᠬᠤᠰᠢᠭᠤᠨ ᠤ ᠭᠤᠤᠯ ᠠᠵᠤ ᠦᠢᠯᠡᠰ ᠮᠥᠨ᠂ ᠵᠠᠩᠭᠢᠯᠠᠭ᠎ᠠ ᠨᠢ ᠠᠵᠤ ᠦᠢᠯᠡᠰᠵᠢᠭᠦᠯᠬᠦ᠂ ᠬᠡᠪᠴᠢᠶᠡᠵᠢᠭᠦᠯᠬᠦ᠂ ᠲᠥᠷᠥᠯ ᠲᠡᠮᠳᠡᠭᠵᠢᠭᠦᠯᠬᠦ ᠬᠥᠭᠵᠢᠯᠲᠡ ᠳᠤ ᠪᠣᠶ᠂ ︽ᠠᠯᠠᠰᠢᠨ ᠦᠬᠡᠷ︾ ᠠᠴᠠ ︽ᠦᠬᠡᠷ ᠤᠨ ᠮᠢᠬ᠎ᠠ ︾ ᠬᠦᠷᠲᠡᠯᠡᠬᠢ ᠬᠡᠯᠬᠢᠶ᠎ᠡ ᠶᠢ ᠨᠠᠷᠢᠨ ᠨᠢᠮᠪᠠᠶ ᠲᠥᠯᠥᠪᠵᠢᠭᠦᠯᠵᠦ᠂ ᠲᠣᠰ ᠭᠠᠵᠠᠷ ᠤᠨ ᠪᠣᠷᠳᠣᠨ ᠲᠠᠷᠭᠤᠯᠠᠭᠤᠯᠬᠤ᠂ ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠨᠠᠷᠠᠲᠤ ᠲᠡᠮᠳᠡᠭ ᠢ ᠡᠭᠦᠳᠴᠦ᠂ ᠴᠢᠨᠠᠷ ᠰᠠᠶᠢᠲᠠᠶ ᠮᠢᠬ᠎ᠠ ᠶᠢ ᠰᠠᠶᠢᠨ ᠦᠨ᠎ᠡ ᠪᠠᠷ ᠬᠤᠳᠠᠯᠳᠤᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠴᠢᠨᠡᠭᠡᠵᠢᠭᠦᠯᠬᠦ ᠬᠡᠷᠡᠭᠲᠡᠶ ᠭᠡᠪᠡ᠃     ᠤᠣ ᠶᠠ ᠣᠳᠣᠬᠢᠴᠢᠯᠠᠭᠰᠠᠨ ᠮᠠᠯᠵᠢᠯ ᠤᠨ ᠲᠠᠯᠠᠪᠠᠶ ᠪᠣᠯᠤᠨ ᠯᠢᠦᠶ ᠲᠢᠶᠠᠨ ᠶᠤᠸᠠᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠳᠤ᠂ ᠸᠠᠩ ᠯᠢ ᠰᠢᠶᠠ ᠲᠤᠬᠠᠶ ᠶᠢᠨ ᠭᠠᠵᠠᠷ ᠤᠨ ᠪᠡᠯᠴᠢᠭᠡᠷ ᠡᠪᠡᠰᠦ ᠪᠣᠯᠤᠨ ᠰᠦ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠡᠵᠢᠭᠡᠬᠦ ᠶᠢᠨ ᠲᠥᠯᠥᠭᠡ ᠳᠠᠷᠢᠬᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠡᠵᠢᠭᠡᠯ ᠡᠪᠡᠰᠦ ᠳᠠᠷᠢᠬᠤ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠡᠷᠴᠢᠮᠵᠢᠭᠦᠯᠦᠨ ᠲᠥᠪᠯᠡᠷᠡᠭᠦᠯᠦᠨ ᠬᠥᠭᠵᠢᠭᠦᠯᠬᠦ ᠶᠢ ᠠᠬᠢᠭᠤᠯᠵᠤ᠂ ︽ᠨᠢᠭᠡ ᠰᠠᠭᠤᠷᠢ ᠡᠪᠡᠰᠦ ᠠᠴᠠ ᠨᠢᠭᠡ ᠴᠣᠮᠣ ᠰᠦ ᠬᠥᠷᠬᠦ︾ ᠪᠥᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠬᠡᠷᠡᠭᠲᠡᠶ᠃ ᠤᠰᠤ ᠪᠣᠯ ᠬᠠᠮᠤᠭ ᠤᠨ ᠡᠷᠬᠢᠮ ᠨᠠᠨᠳᠢᠨ ᠡᠬᠢ ᠪᠠᠶᠠᠯᠢᠭ ᠮᠥᠨ᠂ ᠨᠠᠷᠢᠨ ᠨᠢᠭᠲᠠ ᠪᠤᠳᠤᠵᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠲᠡᠩᠴᠡᠭᠦᠷᠢ ᠶᠢ ᠰᠠᠶᠢᠲᠤᠷ ᠬᠠᠮᠠᠭᠠᠯᠠᠬᠤ ᠬᠡᠷᠡᠭᠲᠡᠶ ᠭᠡᠪᠡ᠃     ᠸᠠᠩ ᠯᠢ ᠰᠢᠶᠠ ᠬᠠᠨ ᠠᠭᠤᠯᠠ ᠶᠢᠨ ᠤᠷᠤᠢ ᠶᠢᠨ ᠪᠠᠷᠠᠯᠠᠬᠤ ᠲᠠᠶᠢᠰᠠ ᠳᠤ ᠭᠠᠷᠴᠤ᠂ ᠤᠢ ᠰᠢᠭᠤᠢ ᠶᠢᠨ ᠬᠠᠮᠠᠭᠠᠯᠠᠭᠴᠢ ᠬᠥᠭᠵᠢᠯᠲᠦ᠂ ᠵᠤᠤ ᠯᠢ ᠰᠢᠨ ᠢ ᠡᠷᠬᠢᠨ ᠦᠵᠡᠵᠦ᠂ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ᠂ ᠤᠰᠤ ᠴᠠᠬᠢᠯᠭᠠᠨ ᠳᠤᠯᠠᠭᠠᠯᠠᠭ᠎ᠠ ᠪᠣᠯᠤᠨ ᠤᠢ ᠰᠢᠭᠤᠢ ᠶᠢᠨ ᠲᠦᠢᠮᠠᠷ ᠢ ᠰᠡᠷᠭᠡᠶᠢᠯᠡᠬᠦ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠳᠠᠯ ᠢ ᠨᠠᠷᠢᠨ ᠠᠰᠠᠭᠤᠪᠠ᠃ ᠸᠠᠩ ᠯᠢ ᠰᠢᠶᠠ᠂ ᠠᠳᠡᠬᠢ ᠭᠠᠯ ᠰᠡᠷᠭᠡᠶᠢᠯᠡᠬᠦ ᠡᠭᠦᠷᠭᠡ ᠬᠦᠨᠳᠦ᠂ ᠡᠷᠬᠡᠪᠰᠢ ᠠᠷᠠᠳ ᠤᠨ ᠠᠭᠠᠷ ᠤᠨ ᠰᠡᠷᠭᠡᠶᠢᠯᠡᠯᠲᠡ ᠪᠠ ᠮᠡᠷᠭᠡᠵᠢᠯ ᠤᠨ ᠰᠡᠷᠭᠡᠶᠢᠯᠡᠯᠲᠡ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠮᠡᠷᠭᠡᠵᠢᠯ ᠤᠨ ᠰᠡᠷᠭᠡᠶᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠬᠢᠨᠠᠨ ᠡᠵᠡᠮᠳᠡᠬᠦ ᠪᠠᠯᠠᠶ ᠣᠷᠣᠨ ᠢ ᠠᠷᠢᠯᠭᠠᠨ᠂ ᠭᠠᠯ ᠤᠨ ᠠᠶᠤᠯ ᠢ ᠰᠢᠢᠳᠪᠦᠷᠢᠯᠡᠵᠦ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠣᠮᠢᠨ ᠨᠣᠭᠤᠭᠠᠨ ᠣᠶ ᠰᠢᠭᠤᠶ ᠶᠢ ᠰᠠᠶᠢᠲᠤᠷ ᠬᠠᠮᠠᠭᠠᠯᠠᠬᠤ ᠬᠡᠷᠡᠭᠲᠡᠶ᠃ ᠲᠡᠷᠡ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠣᠯᠤᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢ ᠲᠥᠪᠬᠢᠨᠡᠭᠦᠯᠵᠦ᠂ ᠤᠢ ᠰᠢᠭᠤᠢ ᠬᠠᠮᠠᠭᠠᠯᠠᠭᠴᠢ ᠶᠢᠨ ᠠᠮᠢᠳᠤᠷᠠᠯ ᠢ ᠰᠠᠶᠢᠲᠤᠷ ᠪᠠᠲᠤᠯᠠᠵᠤ᠂ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠪᠡ᠃     ᠸᠠᠩ ᠯᠢ ᠰᠢᠶᠠ ᠲᠤᠰᠬᠠᠶᠢᠯᠠᠨ ᠪᠠᠶ᠋ᠬᠠᠦ᠋ᠳᠦᠷ ᠰᠤᠮᠤ ᠶᠢᠨ ᠪᠠᠭ᠎ᠠ ᠰᠤᠷᠭᠠᠭᠤᠯᠢ ᠳᠤ ᠬᠦᠷᠴᠦ᠂ ᠨᠢᠭᠡᠳᠦᠭᠡᠷ ᠣᠨ ᠤ ᠨᠢᠭᠡᠳᠦᠭᠡᠷ ᠠᠩᠬᠢ ᠪᠣᠯᠤᠨ ᠲᠠᠪᠤᠳᠤᠭᠠᠷ ᠣᠨ ᠤ ᠨᠢᠭᠡᠳᠦᠭᠡᠷ ᠠᠩᠬᠢ ᠶᠢᠨ ᠬᠢᠴᠢᠶᠡᠯ ᠤᠨ ᠭᠡᠷ ᠲᠤ ᠣᠷᠣᠵᠤ᠂ ᠬᠡᠦᠬᠡᠳ ᠤᠳ ᠲᠠᠢ ᠬᠠᠮᠲᠤ ᠪᠠᠭᠰᠢ ᠠᠴᠠ ᠭᠠᠯᠢᠭ ᠪᠠ ᠬᠢᠲᠠᠳ ᠦᠰᠦᠭ ᠵᠢᠭᠠᠬᠤ ᠶᠢ ᠰᠣᠨᠣᠰᠴᠤ᠂ ᠬᠢᠴᠢᠶᠡᠯ ᠤᠨ ᠪᠢᠴᠢᠭ ᠪᠣᠯᠤᠨ ᠳᠠᠰᠬᠠᠯ ᠤᠨ ᠳᠡᠪᠲᠡᠷ ᠢ ᠰᠡᠬᠦᠵᠦ᠂ ᠬᠡᠦᠬᠡᠳ ᠤᠳ ᠤᠨ ᠲᠡᠮᠳᠡᠭᠯᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠸᠠᠩ ᠯᠢ ᠰᠢᠶᠠ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠭᠤᠣᠯ ᠴᠢᠮᠥᠭᠡ ᠨᠢ ᠪᠠᠭᠰᠢ ᠳᠤ ᠪᠤᠢ᠂ ᠪᠠᠭᠰᠢ ᠶᠢᠨ ᠳᠤᠲᠠᠭᠤᠳᠠᠯ ᠢ ᠳᠠᠷᠤᠢ ᠲᠦᠷᠭᠡᠨ ᠨᠥᠬᠦᠪᠥᠷᠢᠯᠡᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠲᠤᠭᠤᠰᠢᠲᠠᠢ ᠬᠢᠬᠦ ᠬᠡᠷᠡᠭᠲᠡᠢ ᠭᠡᠪᠡ᠃ ᠲᠡᠷᠡ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠵᠠᠪᠠᠯ ᠰᠠᠶᠢᠲᠤᠷ ᠠᠳᠬᠤᠵᠤ᠂ ᠰᠤᠷᠤᠭᠴᠢᠳ ᠪᠠ ᠬᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠨ᠂ ᠨᠡᠶᠢᠭᠡᠮ ᠨᠡᠶᠢᠲᠡ ᠶᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠶ ᠭᠡᠵᠦ ᠳᠠᠬᠢᠨ ᠳᠠᠪᠲᠠᠨ ᠵᠠᠬᠢᠪᠠ᠃ ᠸᠠᠩ ᠯᠢ ᠰᠢᠶᠠ ᠪᠠᠰᠠ ᠴᠢᠩᠬᠤᠸᠠ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠶᠢᠨ ᠴᠠᠩᠫᠢᠩ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠬᠦ ᠪᠠᠷ ᠢᠷᠡᠭᠰᠡᠨ ᠪᠠᠭᠰᠢ ᠸᠠᠩ ᠬᠤᠤ ᠷᠧᠨ ᠢ ᠡᠷᠬᠢᠨ ᠦᠵᠡᠵᠦ᠂ ᠲᠤᠬᠠᠢ ᠶᠢᠨ ᠭᠠᠵᠠᠷ ᠢ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢᠨ ᠠᠮᠢᠳᠤᠷᠠᠯ ᠢ ᠰᠠᠶᠢᠲᠤᠷ ᠪᠠᠲᠤᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠰᠠᠶᠢᠲᠤᠷ ᠬᠡᠷᠡᠭᠯᠡᠵᠦ᠂ ᠪᠠᠭᠰᠢ ᠶᠢᠨ ᠵᠢᠭᠠᠨ ᠰᠤᠷᠭᠠᠬᠤ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠦᠬᠡᠳ ᠤᠳ ᠲᠤ ᠭᠡᠷ ᠤᠨ ᠢᠶᠠᠨ ᠡᠭᠦᠳᠡᠨ ᠳᠤ ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠢ ᠬᠦᠷᠲᠡᠭᠡᠬᠦ ᠬᠡᠷᠡᠭᠲᠡᠢ ᠭᠡᠵᠦ ᠵᠠᠬᠢᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ