| ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠬᠤ ᠶᠢᠨ ᠲᠤᠰᠠᠳᠠ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ 9 ᠰᠠᠷ᠎ᠠ ᠶᠢᠨ 27 ᠤ ᠡᠳᠦᠷ᠂ ᠬᠤᠲᠠ ᠶᠢᠨ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ | ᠳᠤᠭᠤᠶᠢᠯᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ 10 ᠰᠠᠷ᠎ᠠ ᠶᠢᠨ 1 ᠤ ᠡᠳᠦᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠤᠲᠠ ᠶᠢᠨ | ᠬᠡᠪᠴᠢᠶᠡᠨ ᠳᠤ ᠨᠡᠶᠢᠳᠡᠮ ᠭᠦᠢᠴᠡᠳᠬᠡᠬᠦ︾ ᠠᠵᠢᠯᠯᠠᠭᠠᠨ ᠨᠢ ᠵᠢᠩᠬᠢᠨᠢ ᠪᠠᠷ ᠶᠠᠪᠤᠭᠳᠠᠭᠤᠯᠬᠤ ᠪᠠᠷ ᠲᠣᠭᠲᠠᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠤᠲᠠ ᠶᠢᠨ ᠬᠡᠪᠴᠢᠶᠡᠨ ᠳᠤ ᠨᠡᠶᠢᠳᠡᠮ ᠭᠦᠢᠴᠡᠳᠬᠡᠬᠦ︾ ᠬᠡᠯᠪᠡᠷᠢ ᠳᠤ ᠪᠥᠬᠦ ᠶᠠᠪᠤᠴᠠ ᠶᠢ ᠰᠦᠯᠵᠢᠶ᠎ᠡ ᠪᠠᠷ | ᠭᠦᠢᠴᠡᠳᠬᠡᠬᠦ᠂ ᠣᠨᠳᠣᠣ ᠭᠠᠵᠠᠷ ᠲᠤ ᠣᠷᠣᠯᠠᠨ ᠬᠤᠷᠢᠶᠠᠵᠤ ᠰᠢᠯᠵᠢᠭᠦᠯᠦᠨ ᠭᠦᠢᠴᠡᠳᠬᠡᠬᠦ᠂ ᠣᠯᠠᠨ ᠭᠠᠵᠠᠷ ᠬᠠᠮᠲᠤᠷᠠᠨ ᠭᠦᠢᠴᠡᠳᠬᠡᠬᠦ ᠭᠤᠷᠪᠠᠨ ᠵᠦᠢᠯ ᠤᠨ ᠠᠷᠭ᠎ᠠ | ᠮᠠᠶ᠋ᠢᠭ ᠪᠣᠶ᠃ | ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠳᠤ ᠬᠤᠶᠠᠷ ᠵᠦᠢᠯ ᠤᠨ ᠪᠠᠶᠢᠳᠠᠯ ᠬᠤᠪᠢᠶᠠᠨ᠎ᠠ᠃ ᠨᠢᠭᠡ ᠳᠤ ᠰᠦᠯᠵᠢᠶ᠎ᠡ ᠪᠠᠷ ᠭᠦᠢᠴᠡᠳᠬᠡᠬᠦ᠂ ᠬᠠᠤᠯᠢ | ᠲᠣᠭᠲᠠᠭᠠᠯ ᠳᠤ ᠡᠷᠬᠡᠪᠰᠢ ᠲᠤᠬᠠᠢ ᠶᠢᠨ ᠲᠠᠯᠠᠪᠤᠷ ᠲᠤ ᠣᠴᠢᠵᠤ ᠭᠦᠢᠴᠡᠳᠬᠡᠬᠦ ᠬᠡᠷᠡᠭᠲᠡᠢ ᠭᠡᠵᠦ ᠲᠣᠭᠲᠠᠭᠠᠭᠰᠠᠨ ᠵᠦᠢᠯᠡᠰ ᠢ ᠭᠠᠷᠭᠠᠪᠠᠯ᠂ ᠥᠪᠡᠷᠲᠡᠭᠡᠨ ᠵᠠᠰᠠᠬᠤ | ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠤᠶᠤ ᠮᠥᠩᠬᠡ ᠰᠤᠪᠠᠭ APP ᠶᠢ ᠲᠦᠰᠢᠭᠯᠡᠨ᠂ ᠠᠵᠤ | ᠠᠬᠤᠶᠢᠯᠠᠯ ᠪᠠ ᠣᠯᠠᠨ ᠲᠦᠮᠡᠨ ᠬᠠᠷᠢᠶ᠎ᠠ ᠭᠠᠵᠠᠷ ᠲᠠᠭᠠᠨ ᠭᠤᠶᠤᠴᠢᠯᠠᠯ ᠢᠶᠠᠨ ᠲᠤᠰᠢᠶᠠᠵᠤ᠂ ᠭᠦᠢᠴᠡᠳᠬᠡᠬᠦ ᠭᠠᠵᠠᠷ ᠠᠴᠠ ᠭᠤᠶᠤᠴᠢᠯᠠᠭᠴᠢ ᠳᠤ ᠠᠯᠤᠰ ᠠᠴᠠ | ᠭᠦᠢᠴᠡᠳᠬᠡᠵᠦ᠂ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠵᠤ ᠲᠣᠭᠲᠠᠭᠠᠬᠤ᠂ ᠦᠷ᠎ᠡ ᠳ᠋ᠦᠩ ᠢ ᠬᠦᠷᠭᠡᠬᠦ ᠵᠡᠷᠭᠡ ᠪᠥᠬᠦ ᠶᠠᠪᠤᠴᠠ ᠪᠥᠬᠦ | ᠵᠠᠩᠭᠢᠯᠠᠭ᠎ᠠ ᠶᠢᠨ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠬᠠᠩᠭᠠᠨ᠎ᠠ᠃ ᠬᠤᠶᠠᠷ ᠲᠤ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠪᠠᠶᠢᠴᠠᠭᠠᠨ ᠯᠠᠪᠯᠠᠬᠤ | ᠲᠥᠷᠥᠯ ᠤᠨ ᠨᠡᠶᠢᠳᠡᠮ ᠭᠦᠢᠴᠡᠳᠬᠡᠬᠦ ᠵᠦᠢᠯᠡᠰ ᠢ ᠭᠤᠶᠤᠴᠢᠯᠠᠭᠴᠢ ᠡᠯ᠎ᠡ ᠱᠠᠲᠤᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠪᠤᠶᠤ ᠮᠥᠩᠬᠡ ᠰᠤᠪᠠᠭ APP ᠳᠤ ᠭᠠᠷᠴᠤ ᠪᠠᠶᠢᠴᠠᠭᠠᠨ ᠯᠠᠪᠯᠠᠵᠤ ᠪᠣᠯᠣᠨ᠎ᠠ᠂ ᠴᠠᠭ ᠬᠤᠭᠤᠴᠠᠭ᠎ᠠ ᠪᠠ ᠣᠷᠣᠨ ᠪᠦᠰᠡ ᠳᠤ ᠬᠢᠵᠠᠭᠠᠷᠯᠠᠭᠳᠠᠬᠤ ᠦᠭᠡᠢ᠃ | | ᠣᠨᠳᠣᠣ ᠭᠠᠵᠠᠷ ᠲᠤ ᠣᠷᠣᠯᠠᠨ ᠬᠤᠷᠢᠶᠠᠵᠤ ᠰᠢᠯᠵᠢᠭᠦᠯᠦᠨ ᠭᠦᠢᠴᠡᠳᠬᠡᠭᠦᠯᠬᠦ ᠳᠤ ᠭᠤᠷᠪᠠᠨ ᠵᠦᠢᠯ ᠤᠨ ᠪᠠᠶᠢᠳᠠᠯ ᠬᠤᠪᠢᠶᠠᠨ᠎ᠠ᠃ ᠨᠢᠭᠡ ᠳᠤ ᠬᠢᠨᠠᠨ | ᠬᠠᠷᠭᠤᠭᠤᠯᠬᠤ ᠮᠠᠲ᠋ᠧᠷᠢᠶᠠᠯ ᠢ ᠰᠦᠯᠵᠢᠶᠡᠨ ᠳᠡᠭᠡᠷ᠎ᠡ ᠳᠠᠮᠵᠢᠭᠤᠯᠬᠤ ᠠᠷᠭ᠎ᠠ ᠮᠠᠶ᠋ᠢᠭ ᠢᠶᠠᠷ ᠳᠠᠮᠵᠢᠨ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ︽ᠬᠤᠲᠠ ᠶᠢᠨ ᠬᠡᠪᠴᠢᠶᠡᠨ ᠳᠤ ᠨᠡᠶᠢᠳᠡᠮ ᠭᠦᠢᠴᠡᠳᠬᠡᠬᠦ︾ ᠲᠤᠰᠬᠠᠢ | ᠪᠣᠯᠣᠩ ᠳᠤ ᠲᠦᠰᠢᠭᠯᠡᠨ᠂ ᠰᠦᠯᠵᠢᠶᠡᠨ ᠳᠡᠭᠡᠷ᠎ᠡ ᠮᠠᠲ᠋ᠧᠷᠢᠶᠠᠯ ᠢ ᠳᠠᠮᠵᠢᠭᠤᠯᠵᠤ᠂ ᠪᠥᠬᠦ ᠶᠠᠪᠤᠴᠠ ᠳᠤ ᠣᠷᠣ ᠮᠥᠷ ᠦᠯᠡᠳᠡᠭᠡᠵᠦ᠂ ᠭᠦᠢᠴᠡᠳᠬᠡᠭᠰᠡᠨ ᠦᠷ᠎ᠡ ᠳ᠋ᠦᠩ ᠢ | ᠭᠤᠶᠤᠴᠢᠯᠠᠭᠰᠠᠨ ᠭᠠᠵᠠᠷ ᠠᠴᠠ ᠲᠦᠷᠭᠡᠨ ᠬᠦᠷᠭᠡᠯᠲᠡ ᠪᠠᠷ ᠬᠦᠷᠭᠡᠨ᠎ᠡ︔ ᠬᠤᠶᠠᠷ ᠲᠤ ︽ᠬᠠᠷᠠᠭᠠᠨ ᠳᠠᠪᠲᠠᠮᠵᠢ ᠪᠠᠷ ᠬᠠᠪᠰᠤᠷᠤᠨ ᠭᠦᠢᠴᠡᠳᠬᠡᠬᠦ︾ ᠠᠷᠭ᠎ᠠ | ᠮᠠᠶ᠋ᠢᠭ ᠢᠶᠠᠷ ᠳᠠᠮᠵᠢᠨ ᠭᠦᠢᠴᠡᠳᠬᠡᠨ᠎ᠡ᠃ ᠭᠤᠶᠤᠴᠢᠯᠠᠭᠴᠢ ᠨᠢ ᠭᠤᠶᠤᠴᠢᠯᠠᠭᠰᠠᠨ ᠭᠠᠵᠠᠷ ᠤᠨ ︽ᠬᠤᠲᠠ ᠶᠢᠨ ᠬᠡᠪᠴᠢᠶᠡᠨ ᠤ ᠨᠡᠶᠢᠳᠡᠮ ᠭᠦᠢᠴᠡᠳᠬᠡᠬᠦ︾ | ᠴᠣᠩᠬᠤᠷᠤᠭ ᠳᠤ ᠭᠤᠶᠤᠴᠢᠯᠠᠯ ᠢᠶᠠᠨ ᠳᠤᠷᠠᠳᠴᠤ᠂ ︽ᠬᠠᠷᠠᠭᠠᠨ ᠳᠠᠪᠲᠠᠮᠵᠢ ᠪᠠᠷ ᠬᠠᠪᠰᠤᠷᠤᠨ ᠭᠦᠢᠴᠡᠳᠬᠡᠬᠦ︾ ᠰᠢᠰᠲ᠋ᠧᠮ ᠢᠶᠠᠷ ᠳᠠᠮᠵᠢᠨ ᠭᠦᠢᠴᠡᠳᠬᠡᠬᠦ | ᠭᠠᠵᠠᠷ ᠤᠨ ᠴᠣᠩᠬᠤᠷᠤᠭ ᠤᠨ ᠠᠵᠢᠯᠲᠠᠨ ᠲᠠᠢ ᠲᠠᠭᠤ ᠬᠠᠷᠠᠭᠠᠨ ᠳᠠᠪᠲᠠᠮᠵᠢ ᠪᠠᠷ ᠬᠤᠯᠪᠣᠵᠤ᠂ ᠠᠵᠢᠯᠲᠠᠨ ᠨᠢ ᠳᠡᠯᠭᠡᠴᠡ ᠶᠢ ᠬᠠᠮᠲᠤ ᠪᠠᠷ ᠡᠳ᠋ᠯᠡᠬᠦ ᠵᠡᠷᠭᠡ ᠠᠷᠭ᠎ᠠ | ᠮᠠᠶ᠋ᠢᠭ ᠢ ᠠᠪᠴᠤ᠂ ᠭᠤᠶᠤᠴᠢᠯᠠᠭᠴᠢ ᠶᠢ ᠨᠢᠭᠡ ᠳᠤ ᠨᠢᠭᠡ ᠪᠠᠷ ᠵᠢᠯᠤᠭᠤᠳᠴᠤ ᠪᠠᠶᠢᠭᠠᠳ ᠭᠦᠢᠴᠡᠳᠬᠡᠬᠦ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢᠶᠠᠷ ᠳᠠᠮᠵᠢᠨ ᠮᠠᠲ᠋ᠧᠷᠢᠶᠠᠯ ᠲᠠᠭᠯᠠᠨ ᠮᠡᠳᠡᠭᠦᠯᠬᠦ ᠪᠠ ᠭᠤᠶᠤᠴᠢᠯᠠᠨ ᠭᠦᠢᠴᠡᠳᠬᠡᠨ᠎ᠡ︔ ᠭᠤᠷᠪᠠ ᠳᠤ ᠰᠦᠯᠵᠢᠶᠡᠨ ᠠᠴᠠ ᠭᠠᠳᠠᠭᠤᠷᠬᠢ ᠪᠢᠴᠢᠭ | ᠮᠠᠲ᠋ᠧᠷᠢᠶᠠᠯ ᠢ ᠲᠦᠷᠭᠡᠨ ᠬᠦᠷᠭᠡᠯᠲᠡ ᠶᠢᠨ ᠠᠷᠭ᠎ᠠ ᠮᠠᠶ᠋ᠢᠭ ᠢᠶᠠᠷ ᠳᠠᠮᠵᠢᠨ ᠭᠦᠢᠴᠡᠳᠬᠡᠨ᠎ᠡ᠃ ᠬᠡᠷᠡᠭ ᠶᠠᠪᠤᠳᠠᠯ ᠤᠨ ᠨᠡᠷᠡᠶᠢᠳᠦᠯ᠂ ᠭᠦᠢᠴᠡᠳᠬᠡᠬᠦ ᠶᠠᠪᠤᠴᠠ᠂ ᠴᠢᠬᠤᠯᠠ | ᠨᠥᠬᠦᠴᠡᠯ ᠤᠨ ᠪᠠᠷᠢᠮᠵᠢᠶ᠎ᠠ᠂ ᠬᠢᠨᠠᠨ ᠪᠠᠶᠢᠴᠠᠭᠠᠬᠤ ᠭᠤᠣᠯᠳᠠᠯᠭ᠎ᠠ ᠶᠢ ᠪᠦᠬᠦ ᠬᠤᠲᠠ ᠪᠠᠷ ᠢᠶᠠᠨ ᠨᠢᠭᠡᠲᠦᠯᠲᠡᠢ ᠵᠢᠷᠤᠮᠵᠢᠭᠤᠯᠵᠤ᠂ ︽ᠬᠦᠯᠢᠶᠡᠨ ᠠᠪᠬᠤ ᠪᠠ | ᠭᠦᠢᠴᠡᠳᠬᠡᠬᠦ ᠶᠢ ᠰᠠᠯᠭᠠᠬᠤ︾ ᠬᠡᠯᠪᠡᠷᠢ ᠶᠢ ᠠᠪᠴᠤ᠂ ᠤᠴᠢᠷ ᠶᠠᠪᠤᠳᠠᠯ ᠢ ᠭᠦᠢᠴᠡᠳᠬᠡᠬᠦ ᠶᠢᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠢᠵᠠᠭᠠᠷᠯᠠᠯ ᠢ ᠡᠪᠳᠡᠵᠦ᠂ | ᠭᠤᠶᠤᠴᠢᠯᠠᠭᠴᠢ ᠨᠢ ᠭᠤᠶᠤᠴᠢᠯᠠᠭᠰᠠᠨ ᠭᠠᠵᠠᠷ ᠤᠨ ︽ᠬᠤᠲᠠ ᠶᠢᠨ ᠬᠡᠪᠴᠢᠶᠡᠨ ᠤ ᠨᠡᠶᠢᠳᠡᠮ ᠭᠦᠢᠴᠡᠳᠬᠡᠬᠦ︾ ᠴᠣᠩᠬᠤᠷᠤᠭ ᠲᠤ ᠭᠤᠶᠤᠴᠢᠯᠠᠯ ᠤᠨ | ᠮᠠᠲ᠋ᠧᠷᠢᠶᠠᠯ ᠢᠶᠠᠨ ᠲᠤᠰᠢᠶᠠᠵᠤ᠂ ᠮᠠᠲ᠋ᠧᠷᠢᠶᠠᠯ ᠭᠥᠯᠢᠶᠡᠨ ᠠᠪᠬᠤ ᠴᠣᠩᠬᠤᠷᠤᠭ ᠨᠢ ᠭᠤᠶᠤᠴᠢᠯᠠᠯ ᠤᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ᠂ ᠪᠡᠶ᠎ᠡ | ᠭᠠᠷᠤᠯ ᠤᠨ ᠬᠢᠨᠠᠨ ᠪᠠᠶᠢᠴᠠᠭᠠᠯᠲᠠ ᠬᠢᠬᠦ ᠪᠤᠶᠤ ︽ᠬᠠᠷᠠᠭᠠᠨ ᠳᠠᠪᠲᠠᠮᠵᠢ ᠪᠠᠷ ᠬᠠᠪᠰᠤᠷᠤᠨ ᠭᠦᠢᠴᠡᠳᠬᠡᠬᠦ︾ ᠰᠢᠰᠲ᠋ᠧᠮ ᠢ ᠬᠡᠷᠡᠭᠯᠡᠨ ᠭᠤᠶᠤᠴᠢᠯᠠᠯ ᠤᠨ ᠮᠠᠲ᠋ᠧᠷᠢᠶᠠᠯ ᠢ | ᠰᠡᠭᠦᠳᠡᠷᠯᠡᠨ ᠠᠴᠢᠶᠠᠯᠠᠵᠤ ᠤᠷᠢᠳᠴᠢᠯᠠᠨ ᠬᠢᠨᠠᠵᠤ᠂ ᠰᠢᠤᠳᠠᠨ ᠤ ᠲᠦᠷᠭᠡᠨ ᠬᠦᠷᠭᠡᠯᠲᠡ ᠪᠠᠷ ᠳᠠᠮᠵᠢᠨ ᠭᠦᠢᠴᠡᠳᠬᠡᠬᠦ ᠭᠠᠵᠠᠷ ᠲᠤ ᠬᠦᠷᠭᠡᠨ ᠭᠦᠢᠴᠡᠳᠬᠡᠵᠦ᠂ | ᠭᠦᠢᠴᠡᠳᠬᠡᠬᠦ ᠭᠠᠵᠠᠷ ᠨᠢ ᠦᠷ᠎ᠡ ᠳ᠋ᠦᠩ ᠤᠨ ᠪᠢᠴᠢᠭ ᠮᠠᠲ᠋ᠧᠷᠢᠶᠠᠯ ᠢ ᠲᠦᠷᠭᠡᠨ ᠬᠦᠷᠭᠡᠯᠲᠡ ᠪᠠᠷ ᠬᠦᠷᠭᠡᠬᠦ ᠪᠤᠶᠤ ᠲᠣᠣᠷ ᠰᠦᠯᠵᠢᠶ᠎ᠡ ᠪᠠᠷ ᠳᠠᠮᠵᠢᠨ ᠭᠦᠢᠴᠡᠳᠬᠡᠭᠰᠡᠨ | ᠦᠷ᠎ᠡ ᠳ᠋ᠦᠩ ᠢ ᠬᠦᠷᠭᠡᠨ᠎ᠡ᠃ | ᠣᠯᠠᠨ ᠭᠠᠵᠠᠷ ᠬᠠᠮᠲᠤᠷᠠᠨ ᠭᠦᠢᠴᠡᠳᠬᠡᠬᠦ ᠨᠢ ᠬᠤᠶᠠᠷ ᠵᠦᠢᠯ ᠤᠨ ᠪᠠᠶᠢᠳᠠᠯ ᠬᠤᠪᠢᠶᠠᠨ᠎ᠠ᠃ ᠨᠢᠭᠡ ᠳᠤ ᠭᠤᠶᠤᠴᠢᠯᠠᠭᠴᠢ ᠠᠴᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠡᠭᠡᠨ ᠬᠠᠮᠲᠤᠷᠠᠨ ᠭᠦᠢᠴᠡᠳᠬᠡᠬᠦ ᠭᠠᠵᠠᠷ ᠠᠴᠠ ᠭᠠᠷᠭᠠᠵᠤ ᠥᠭᠬᠦ ᠴᠢᠬᠤᠯᠠᠲᠠᠶ ᠭᠤᠶᠤᠴᠢᠯᠠᠯ ᠤᠨ ᠮᠠᠲ᠋ᠧᠷᠢᠶᠠᠯ ᠢ ᠪᠣᠯ᠂ | ᠭᠤᠶᠤᠴᠢᠯᠠᠭᠴᠢ ᠠᠴᠠ ᠭᠦᠢᠴᠡᠳᠬᠡᠬᠦ ᠭᠠᠵᠠᠷ ᠲᠤ ᠭᠤᠶᠤᠴᠢᠯᠠᠯ ᠳᠤᠷᠠᠳᠴᠤ᠂ ᠬᠠᠮᠲᠤᠷᠠᠨ ᠭᠦᠢᠴᠡᠳᠬᠡᠬᠦ ᠭᠠᠵᠠᠷ ᠲᠤ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ᠂ ︽ᠬᠠᠷᠠᠭᠠᠨ ᠳᠠᠪᠲᠠᠮᠵᠢ ᠪᠠᠷ ᠬᠠᠪᠰᠤᠷᠤᠨ ᠭᠦᠢᠴᠡᠳᠬᠡᠬᠦ︾ ᠪᠤᠶᠤ ᠪᠢᠴᠢᠭ ᠮᠠᠲ᠋ᠧᠷᠢᠶᠠᠯ ᠢ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠭᠤᠶᠤᠴᠢᠯᠠᠭᠴᠢ ᠵᠥᠪᠬᠡᠨ ᠨᠢᠭᠡ ᠭᠠᠵᠠᠷ ᠲᠤ ᠭᠦᠷᠪᠡᠯ ᠳᠠᠷᠤᠶ ᠭᠦᠢᠴᠡᠳᠬᠡᠵᠦ ᠳᠠᠭᠤᠰᠬᠠᠨ᠎ᠠ︔ ᠬᠤᠶᠠᠷ ᠲᠤ ᠭᠤᠶᠤᠴᠢᠯᠠᠭᠴᠢ ᠲᠤᠰᠪᠤᠷᠢ ᠠᠳᠠᠯᠢ | ᠪᠤᠰᠤ ᠭᠠᠵᠠᠷ ᠣᠷᠣᠨ ᠳᠤ ᠬᠦᠷᠴᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠵᠦ᠂ ᠣᠯᠠᠨ ᠭᠠᠵᠠᠷ ᠤᠨ ᠭᠦᠢᠴᠡᠳᠬᠡᠬᠦ ᠶᠠᠪᠤᠴᠠ ᠶᠢ | ᠡᠮᠬᠢᠯᠡᠨ ᠨᠡᠶᠢᠯᠡᠭᠦᠯᠵᠦ᠂ ᠭᠤᠶᠤᠴᠢᠯᠠᠭᠴᠢ ᠨᠢ ᠭᠤᠶᠤᠴᠢᠯᠠᠭᠰᠠᠨ ᠭᠠᠵᠠᠷ ᠠᠴᠠ ᠪᠠᠨ ᠭᠤᠶᠤᠴᠢᠯᠠᠭᠰᠠᠨ ᠤ ᠳᠠᠷᠠᠭ᠎ᠠ᠂ ᠬᠠᠮᠲᠤᠷᠠᠨ ᠭᠦᠢᠴᠡᠳᠬᠡᠬᠦ ᠭᠠᠵᠠᠷ ᠨᠢ | ᠬᠠᠮᠵᠢᠯᠴᠠᠨ ᠭᠦᠢᠴᠡᠳᠬᠡᠵᠦ᠂ ᠭᠤᠶᠤᠴᠢᠯᠠᠭᠴᠢ ᠶᠢᠨ ᠭᠦᠢᠴᠡᠳᠬᠡᠬᠦ ᠪᠠ ᠭᠦᠶᠦᠬᠦ ᠤᠳᠠᠭ᠎ᠠ ᠶᠢ ᠪᠠᠭᠠᠰᠬᠠᠨ᠂ ︽ᠨᠢᠭᠡ ᠭᠠᠵᠠᠷ ᠲᠤ ᠭᠦᠢᠴᠡᠳᠬᠡᠬᠦ︾ ᠶᠢ | ᠪᠡᠶᠡᠯᠡᠭᠦᠯᠦᠨ᠎ᠡ᠃ | ᠣᠳᠣᠬᠠᠨ ᠳᠤ᠂ ᠪᠥᠬᠦ ᠬᠤᠲᠠ ᠳᠤ ᠨᠢᠭᠡᠨᠲᠡ 12 ᠬᠤᠰᠢᠭᠤ ᠰᠢᠶᠠᠨ ᠲᠣᠭᠤᠷᠢᠭ ᠤᠨ 19607 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠡᠮᠬᠢᠯᠡᠨ ᠳᠢᠭᠯᠡᠵᠦ᠂ 1402 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠷᠡᠶᠢᠳᠦᠯ ᠪᠠ ᠬᠡᠷᠡᠭ ᠭᠦᠢᠴᠡᠳᠬᠡᠬᠦ ᠵᠢᠭᠠᠯᠲᠠ ᠶᠢ ᠨᠢᠭᠡᠳᠬᠡᠵᠦ᠂ ᠠᠳᠠᠯᠢ | ᠨᠢᠭᠡᠨ ᠵᠦᠢᠯᠡᠰ ᠢ ᠪᠥᠬᠦ ᠬᠤᠲᠠ ᠶᠢᠨ ᠬᠡᠪᠴᠢᠶᠡᠨ ᠳᠤ ︽ᠢᠯᠭᠠᠭ᠎ᠠ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ︾ ᠶᠢ | ᠪᠡᠶᠡᠯᠡᠭᠦᠯᠪᠡ᠃ ᠪᠥᠬᠦ ᠬᠤᠲᠠ ᠶᠢᠨ 177 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ | 2408 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠪᠠᠶᠢᠭᠤᠯᠵᠤ᠂ ︽ᠬᠤᠲᠠ ᠶᠢᠨ | ᠬᠡᠪᠴᠢᠶᠡᠨ ᠳᠤ ᠨᠡᠶᠢᠳᠡᠮ ᠭᠦᠢᠴᠡᠳᠬᠡᠬᠦ︾ ᠴᠣᠩᠬᠤᠷᠤᠭ ᠭᠠᠷᠭᠠᠪᠠ᠃ | | | |