| 8 ᠰᠠᠷ᠎ᠠ ᠶᠢᠨ 29 ᠤ ᠡᠳᠦᠷ ᠠᠴᠠ 31 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ | ᠲᠢᠶᠠᠨ ᠮᠧᠩ ᠪᠦᠯᠬᠦᠮ ᠳᠠᠭᠠᠭᠤᠯᠤᠨ ᠵᠧᠵᠢᠶᠠᠩ ᠮᠤᠵᠢ ᠶᠢᠨ ᠵᠢᠶᠠ ᠰᠢᠩ ᠬᠤᠲᠠ ᠶᠢᠨ ᠲᠦᠩ ᠰᠢᠶᠠᠩ ᠬᠤᠲᠠ ᠶᠢᠨ ᠵᠢᠤᠢ ᠱᠢ ᠪᠦᠯᠦᠭᠯᠡᠯ ᠤᠨ ᠬᠢᠵᠠᠭᠠᠷᠲᠤ | ᠺᠣᠮᠫᠠᠨᠢ᠂ ᠬᠠᠩᠵᠧᠦ ᠬᠤᠲᠠ ᠶᠢᠨ ᠵᠧᠵᠢᠶᠠᠩ ᠤᠨ ᠶᠦᠨ ᠳ᠋ᠠ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ ᠵᠢᠶ ᠯᠢ | ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠠᠷᠠᠯᠵᠢᠶᠠᠴᠢᠨ ᠤᠷᠢᠵᠤ ᠵᠥᠪᠳᠡᠨ ᠶᠠᠷᠢᠯᠴᠠᠪᠠ᠃ | ᠵᠢᠤᠢ ᠱᠢ ᠪᠦᠯᠦᠭᠯᠡᠯ ᠳᠤ᠂ ᠯᠤᠸᠠᠨ ᠲᠢᠶᠠᠨ ᠮᠧᠩ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠠᠵᠤ ᠦᠢᠯᠡᠰ ᠤᠨ | ᠬᠥᠭᠵᠢᠯᠲᠡ ᠶᠢᠨ ᠳᠠᠪᠠᠭᠤᠯᠢᠭ ᠢ ᠲᠠᠨᠢᠯᠴᠠᠭᠤᠯᠵᠤ᠂ ᠳᠠᠷᠠᠭ᠎ᠠ ᠨᠢ ᠵᠢᠤᠢ ᠱᠢ ᠪᠦᠯᠦᠭᠯᠡᠯ ᠤᠨ ᠰᠢᠯ ᠰᠢᠷᠬᠡᠭ ᠤᠨ ᠲᠥᠷᠥᠯ ᠵᠦᠢᠯ ᠢ ᠤᠯᠠᠭᠠᠨᠬᠠᠳᠠ ᠳᠤ | ᠨᠠᠶᠢᠳᠠᠪᠤᠷᠢᠵᠢᠭᠤᠯᠬᠤ ᠶᠠᠪᠤᠳᠠᠯ ᠤᠨ ᠲᠤᠬᠠᠶ᠂ ᠲᠦᠭᠦᠬᠡᠶ ᠮᠠᠲ᠋ᠧᠷᠢᠶᠠᠯ ᠤᠨ ᠪᠠᠲᠤᠯᠠᠭ᠎ᠠ ᠠᠴᠠ ᠦᠢᠯᠡᠳᠬᠦᠨ ᠤ ᠦᠢᠯᠡᠳᠪᠦᠷᠢᠯᠡᠯ ᠤᠨ ᠪᠥᠬᠦ ᠠᠵᠤ ᠦᠢᠯᠡᠰ ᠤᠨ | ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠬᠦᠷᠲᠡᠯ᠎ᠡ ᠨᠠᠷᠢᠨ ᠨᠢᠭᠲᠠ ᠵᠣᠯᠭᠠᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠵᠤ ᠥᠪᠡᠷ ᠤᠨ ᠥᠷᠲᠡᠭ ᠢ ᠪᠠᠭᠤᠷᠠᠭᠤᠯᠬᠤ᠂ | ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠣᠯᠣᠯᠴᠠᠭ᠎ᠠ ᠵᠥᠪᠳᠡᠯᠴᠡᠭᠡ ᠬᠢᠵᠦ᠂ ᠲᠠᠷᠠᠭᠠᠴᠢ ᠶᠢᠨ ᠠᠯᠬᠤᠮ ᠤᠨ | ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠥᠷᠭᠡᠳᠬᠡᠬᠦ᠂ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠨ ᠥᠷᠭᠡᠳᠬᠡᠬᠦ ᠲᠤᠬᠠᠶ ᠭᠦᠨᠵᠡᠭᠡᠶ ᠰᠣᠯᠢᠯᠴᠠᠪᠠ᠃ | ᠵᠧᠵᠢᠶᠠᠩ ᠤᠨ ᠶᠦᠨ ᠳ᠋ᠠ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠭᠤᠤ ᠯᠢᠩ ᠠᠵᠤ ᠠᠬᠤᠶᠢᠯᠠᠯ ᠤᠨ ᠠᠵᠤ ᠦᠢᠯᠡᠰ ᠤᠨ ᠴᠢᠭᠯᠡᠯ ᠪᠣᠯᠤᠨ ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠪᠠ᠃ | ᠯᠤᠸᠠᠨ ᠲᠢᠶᠠᠨ ᠮᠧᠩ᠂ ᠶᠦᠨ ᠳ᠋ᠠ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ | ᠤᠷᠤᠰᠬᠠᠯ ᠤᠨ ᠠᠵᠤ ᠦᠢᠯᠡᠰ ᠤᠨ ᠨᠡᠪᠲᠡᠯᠬᠦ ᠬᠦᠴᠦᠨ ᠪᠠ ᠨᠡᠶᠢᠳᠬᠡᠬᠦ ᠴᠢᠳᠠᠪᠤᠷᠢ ᠶᠢ ᠮᠡᠳᠡᠷᠡᠵᠦ ᠪᠠᠶᠢᠬᠤ ᠪᠠᠨ ᠢᠯᠡᠳᠬᠡᠵᠦ᠂ ᠶᠦᠨ ᠳ᠋ᠠ ᠰᠠᠯᠬᠢᠨ ᠬᠦᠴᠦᠨ ᠤ | ᠴᠠᠬᠢᠯᠭᠠᠨ ᠨᠢ ᠬᠡᠯᠬᠢᠶ᠎ᠡ ᠶᠢᠨ ᠭᠤᠤᠯ ᠠᠵᠤ ᠠᠬᠤᠶᠢᠯᠠᠯ ᠪᠣᠯᠣᠭᠰᠠᠨ ᠬᠤᠪᠢ ᠳᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠬᠠᠮᠢᠶ᠎ᠠ ᠪᠥᠬᠦᠶ ᠠᠵᠤ | ᠠᠬᠤᠶᠢᠯᠠᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠤᠯᠠᠭᠠᠨᠬᠠᠳᠠ ᠬᠤᠲᠠ ᠶᠢᠨ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠬᠡᠷᠡᠭᠯᠡᠬᠦ ᠳᠤ | ᠬᠦᠴᠦᠨ ᠨᠡᠮᠡᠷᠢᠯᠡᠬᠦ ᠶᠢ ᠬᠦᠰᠡᠪᠡ᠃ ᠬᠤᠶᠠᠷ ᠲᠠᠯ᠎ᠠ ᠪᠠᠷ ᠢᠶᠠᠨ ᠪᠠᠰᠠ ᠮᠧᠲ᠋ᠢᠯ ᠠᠯᠺᠦᠦᠯ ᠤᠨ ᠤᠯᠤᠰ ᠤᠨ ᠳᠣᠲᠣᠭᠠᠳᠤ ᠪᠠ ᠭᠠᠳᠠᠭᠠᠳᠤ ᠶᠢᠨ ᠬᠤᠶᠠᠷ ᠵᠠᠬ᠎ᠠ | ᠳᠡᠯᠭᠡᠭᠦᠷ ᠲᠠᠬᠢ ᠬᠡᠷᠡᠭᠯᠡᠯᠲᠡ ᠶᠢᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠴᠢᠭᠯᠡᠯ ᠢ ᠬᠠᠮᠲᠤ ᠪᠠᠷ | ᠲᠥᠯᠥᠪᠵᠢᠭᠦᠯᠪᠡ᠃ | ᠵᠢᠢ ᠯᠢ ᠬᠤᠪᠢ ᠡᠵᠡᠮᠳᠡᠭᠰᠡᠨ ᠪᠦᠯᠦᠭᠯᠡᠯ ᠳᠤ᠂ ᠪᠦᠯᠦᠭᠯᠡᠯ ᠤᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠭᠴᠢ ᠢᠦᠢ ᠰᠢᠤᠸᠠᠢ ᠯᠢᠶᠠᠩ ᠬᠤᠳᠠᠯᠳᠤᠭᠠᠨ ᠳᠤ | ᠬᠡᠷᠡᠭᠯᠡᠬᠦ ᠲᠡᠷᠭᠡ ᠶᠢᠨ ᠤᠰᠤᠲᠥ᠋ᠷᠥᠭᠴᠢ ᠠᠯᠺᠣᠣᠯ ᠤᠨ ︽1233︾ ᠬᠥᠭᠵᠢᠯᠲᠡ ᠶᠢᠨ ᠬᠠᠷᠠᠯᠲᠠ ᠪᠣᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ | ᠨᠠᠷᠢᠨ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠮᠧᠲ᠋ᠢᠯ ᠠᠯᠺᠣᠣᠯ ᠢ ᠬᠤᠳᠠᠯᠳᠤᠭᠠᠨ ᠳᠤ ᠬᠡᠷᠡᠭᠯᠡᠬᠦ ᠮᠠᠰᠢᠨ ᠲᠡᠷᠭᠡᠨ ᠤ ᠬᠥᠳᠡᠯᠭᠡᠬᠦ ᠬᠦᠴᠦᠨ ᠤ ᠲᠦᠯᠡᠰᠢ ᠶᠢᠨ | ᠬᠡᠷᠡᠭᠯᠡᠯᠲᠡ ᠶᠢᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠪᠤᠬᠢᠷᠳᠤᠯ ᠦᠭᠡᠢ ᠴᠠᠬᠢᠯᠭᠠᠨ᠂ ᠪᠤᠬᠢᠷᠳᠤᠯ ᠦᠭᠡᠢ ᠤᠰᠤᠲᠥ᠋ᠷᠥᠭᠴᠢ᠂ ᠮᠧᠲ᠋ᠢᠯ ᠠᠯᠺᠣᠣᠯ ᠤᠨ | ᠦᠢᠯᠡᠳᠪᠦᠷᠢᠯᠡᠯ ᠤᠨ ᠪᠡᠯᠡᠳᠬᠡᠯ᠂ ᠬᠡᠷᠡᠭᠯᠡᠭᠡᠨ ᠤ ᠪᠠᠶᠢᠳᠠᠯ᠂ ᠵᠡᠭᠦᠯᠲᠡ ᠶᠢᠨ ᠰᠢᠰᠲ᠋ᠧᠮ ᠤᠨ ᠲᠣᠭᠤᠷᠢᠨ ᠳᠤ ᠡᠮᠦᠨᠡᠬᠢ ᠬᠤᠭᠤᠴᠠᠭᠠᠨ ᠤ ᠠᠵᠢᠯ ᠢᠶᠠᠨ ᠥᠷᠨᠢᠭᠦᠯᠬᠦ ᠶᠢ | ᠵᠥᠪᠰᠢᠶᠡᠷᠡᠬᠦ ᠶᠢᠨ ᠬᠠᠮᠲᠤ ᠬᠠᠮᠲᠤᠷᠠᠯᠴᠠᠭᠠᠨ ᠤ ᠪᠠᠶᠢᠳᠠᠯ ᠢᠶᠠᠨ ᠥᠷᠭᠡᠳᠬᠡᠬᠦ ᠪᠠ ᠣᠷᠣᠨ ᠪᠦᠰᠡ ᠶᠢᠨ ᠦᠢᠯᠡᠳᠪᠦᠷᠢ ᠪᠠᠶᠢᠭᠤᠯᠬᠤ ᠵᠡᠷᠭᠡ ᠲᠠᠯ᠎ᠠ ᠪᠠᠷ ᠰᠤᠳᠤᠯᠤᠨ | ᠶᠠᠷᠢᠯᠴᠠᠬᠤ ᠶᠢ ᠵᠥᠪᠰᠢᠶᠡᠷᠡᠪᠡ᠃ | ᠬᠤᠲᠠ ᠶᠢᠨ ᠳᠡᠳ᠋ ᠳᠠᠷᠤᠭ᠎ᠠ ᠵᠣᠣ ᡁᠢ ᠭᠠᠩ᠂ ᠵᠢᠤᠢ ᠱᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠢᠦᠶ ᠴᠢᠶᠠᠩ᠂ ᠳᠡᠳ᠋ ᠶᠡᠷᠦᠩᠬᠡᠶ ᠵᠠᠬᠢᠷᠤᠯ | ᠼᠤᠤ ᠭᠦᠸᠧ ᠷᠦᠩ᠂ ᠵᠧᠵᠢᠶᠠᠩ ᠤᠨ ᠶᠦᠨ ᠳ᠋ᠠ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ | ᠳᠠᠭᠠᠭᠠᠮᠠᠯ ᠴᠧᠩ ᠴᠧᠨ ᠭᠤᠸᠠᠩ᠂ ᠵᠢᠶ ᠯᠢ ᠬᠤᠳᠠᠯᠳᠤᠭᠠᠨ ᠤ ᠲᠡᠷᠭᠡ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠧᠤ ᠵᠢᠶᠠᠨ ᠴᠢᠶᠦ᠋ᠨ᠂ ᠮᠠᠨ ᠤ | ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠲᠤᠰᠪᠤᠷᠢ ᠠᠵᠢᠯᠯᠠᠭᠠᠨ ᠳᠤ ᠣᠷᠣᠯᠴᠠᠪᠠ᠃ | | |