ᠸᠠᠨ ᠴᠤᠤ ᠴᠢ ᠬᠠᠭᠤᠴᠢᠨ ᠬᠤᠲᠠ ᠲᠣᠭᠤᠷᠢᠭ ᠤᠨ ᠰᠢᠲᠠᠮᠠᠬᠠᠢ ᠬᠡᠢ ᠶᠢᠨ ᠬᠠᠩᠭᠠᠯᠭ᠎ᠠ ᠪᠣᠯᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/4
     9 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠬᠤᠩᠱᠠᠨ ᠲᠣᠭᠤᠷᠢᠭ᠂ ᠰᠦᠩᠱᠠᠨ ᠲᠣᠭᠤᠷᠢᠭ ᠲᠤ ᠬᠦᠷᠴᠦ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠡᠷᠭᠢᠯᠲᠡ ᠪᠣᠯᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠴᠢᠩᠭ᠎ᠠ ᠠᠩᠬᠠᠷᠴᠤ᠂ ᠰᠢᠲᠠᠮᠠᠬᠠᠢ ᠬᠡᠢ ᠶᠢᠨ ᠬᠠᠩᠭᠠᠯᠭ᠎ᠠ ᠶᠢ ᠴᠢᠩᠭᠠᠳᠬᠠᠨ᠂ ᠰᠢᠲᠠᠮᠠᠬᠠᠢ ᠬᠡᠢ ᠶᠢᠨ ᠠᠮᠤᠷ ᠲᠦᠪᠰᠢᠨ ᠢ ᠪᠠᠲᠤᠯᠠᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠲᠦᠷᠭᠡᠳᠬᠡᠨ᠂ ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠵᠤ᠂ ᠤᠯᠠᠨ ᠲᠦᠮᠡᠨ ᠳᠤ ᠢᠯᠡᠭᠦᠬᠡᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ᠂ ᠤᠯᠠᠨ ᠲᠦᠮᠡᠨ ᠤ ᠠᠮᠢᠳᠤᠷᠠᠯ ᠢ ᠨᠡᠩ ᠲᠠᠭᠠᠯᠠᠮᠵᠢᠲᠠᠢ ᠨᠡᠩ ᠲᠦᠬᠦᠮ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠤᠯᠠᠭᠠᠨᠬᠠᠳᠠ ᠶᠢᠨ ᠬᠤᠸᠠ ᠷᠦᠨ ᠰᠢᠲᠠᠮᠠᠬᠠᠶ ᠬᠡᠶ ᠶᠢᠨ ᠺᠣᠮᠫᠠᠨᠢ ᠪᠣᠯᠤᠨ ᠹᠦ᠋ ᠯᠦᠩ ᠬᠤᠭᠤᠯᠠᠶ ᠪᠠᠷ ᠳᠠᠮᠵᠢᠭᠤᠯᠬᠤ ᠰᠢᠲᠠᠮᠠᠬᠠᠶ ᠬᠡᠶ ᠶᠢᠨ ᠺᠣᠮᠫᠠᠨᠢ ᠳᠤ᠂ ᠸᠠᠨ ᠴᠤᠤ ᠴᠢ ᠰᠢᠲᠠᠮᠠᠬᠠᠶ ᠬᠡᠶ ᠶᠢᠨ ᠬᠤᠭᠤᠯᠠᠶ ᠲᠤᠤᠷ ᠤᠨ ᠬᠠᠮᠢᠶᠠᠷᠤᠨ ᠡᠵᠡᠮᠳᠡᠬᠦ ᠶᠢ ᠨᠢᠭᠡ ᠴᠣᠭᠴᠠᠵᠢᠭᠤᠯᠤᠭᠰᠠᠨ ᠲᠠᠪᠴᠠᠩ ᠢᠶᠠᠷ ᠳᠠᠮᠵᠢᠨ ᠭᠤᠤᠯ ᠬᠤᠲᠠ ᠲᠣᠭᠤᠷᠢᠭ ᠤᠨ ᠰᠢᠲᠠᠮᠠᠬᠠᠶ ᠬᠡᠶ ᠶᠢᠨ ᠬᠤᠭᠤᠯᠠᠶ ᠲᠤᠤᠷ ᠤᠨ ᠪᠠᠶᠢᠷᠢᠰᠢᠭᠤᠯᠤᠯᠲᠠ ᠪᠠ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠮᠠᠨ ᠤ ᠬᠤᠲᠠ ᠶᠢᠨ ᠰᠢᠲᠠᠮᠠᠬᠠᠶ ᠬᠡᠶ ᠶᠢᠨ ᠦᠨ᠎ᠡ ᠬᠠᠩᠰᠢ᠂ ᠠᠵᠤ ᠠᠬᠤᠶ ᠶᠢᠨ ᠴᠢᠨᠠᠷ᠂ ᠬᠠᠩᠭᠠᠯᠭ᠎ᠠ ᠶᠢᠨ ᠪᠠᠶᠢᠳᠠᠯ ᠢ ᠣᠶᠢᠯᠠᠭᠠᠵᠤ᠂ ᠬᠤᠩᠱᠠᠨ ᠲᠣᠭᠤᠷᠢᠭ ᠤᠨ ᠲᠢᠶᠧ ᠨᠠᠨ ᠵᠡᠭᠡᠯᠢ ᠭᠤᠳᠤᠮᠵᠢ ᠶᠢᠨ ᠼᠠᠢ ᠹᠦ᠋ ᠵᠢᠶᠠ ᠶᠤᠸᠠᠨ ᠰᠠᠭᠤᠭᠠᠯᠢ ᠲᠣᠭᠤᠷᠢᠭ ᠲᠤ ᠬᠦᠷᠴᠦ᠂ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠰᠢᠲᠠᠮᠠᠬᠠᠶ ᠬᠡᠶ ᠶᠢᠨ ᠬᠤᠭᠤᠯᠠᠶ ᠶᠢ ᠥᠭᠡᠷᠡᠴᠢᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠬᠤᠲᠠ ᠶᠢᠨ ᠰᠢᠲᠠᠮᠠᠬᠠᠶ ᠬᠡᠶ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠡᠷᠭᠢᠯᠲᠡ ᠨᠢ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠣᠯᠠᠨ ᠲᠦᠮᠡᠨ ᠤ ᠠᠮᠢᠳᠤᠷᠠᠯ ᠢ ᠰᠠᠶᠢᠵᠢᠷᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠡᠷᠬᠡᠪᠰᠢ ᠭᠤᠤᠯᠳᠠᠯᠭ᠎ᠠ ᠲᠠᠢ ᠠᠵᠢᠯ ᠪᠣᠯᠭᠠᠨ ᠪᠣᠳᠠᠲᠠᠶ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠠᠷᠠᠳ ᠤᠨ ᠬᠡᠷᠡᠭᠯᠡᠭᠡᠨ ᠤ ᠰᠢᠲᠠᠮᠠᠬᠠᠶ ᠬᠡᠶ ᠶᠢᠨ ᠬᠤᠯᠪᠣᠭᠳᠠᠯ ᠪᠥᠬᠦᠶ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠭᠤᠴᠢᠨ ᠰᠠᠭᠤᠭᠠᠯᠢ ᠲᠣᠭᠤᠷᠢᠭ᠂ ᠪᠠᠶᠢᠰᠢᠩ ᠬᠡᠷ ᠤᠨ ᠲᠣᠭᠤᠷᠢᠭ᠂ ᠣᠯᠠᠨ ᠳᠠᠪᠬᠤᠷᠭᠠᠲᠤ ᠪᠠ ᠥᠨᠳᠥᠷ ᠳᠠᠪᠬᠤᠷᠭᠠᠲᠤ ᠣᠷᠣᠨ ᠰᠠᠭᠤᠴᠠ ᠵᠢᠴᠢ ᠢᠳᠡᠭᠡᠨ ᠤᠮᠳᠠᠭᠠᠨ ᠤ ᠠᠵᠢᠯ ᠲᠥᠷᠥᠯ ᠤᠨ ᠪᠣᠳᠠᠲᠠᠶ ᠪᠠᠶᠢᠳᠠᠯ ᠳᠤ ᠴᠢᠭᠯᠡᠭᠦᠯᠦᠨ᠂ ᠰᠢᠰᠲ᠋ᠧᠮ ᠲᠠᠢ ᠰᠤᠳᠤᠯᠤᠨ᠂ ᠠᠯᠬᠤᠮ ᠳᠠᠷᠠᠭ᠎ᠠ ᠬᠤᠪᠢᠶᠠᠨ ᠲᠥᠯᠥᠪᠯᠡᠭᠡ ᠲᠠᠢ ᠪᠠᠷ ᠰᠢᠨᠡᠳᠬᠡᠨ ᠥᠭᠡᠷᠡᠴᠢᠯᠡᠵᠦ᠂ ᠰᠠᠭᠤᠭᠠᠯᠢ ᠠᠷᠠᠳ ᠤᠨ ᠰᠢᠲᠠᠮᠠᠬᠠᠶ ᠬᠡᠶ ᠬᠡᠷᠡᠭᠯᠡᠬᠦ ᠳᠤ ᠨᠠᠩ ᠠᠮᠤᠷ ᠲᠦᠪᠰᠢᠨ ᠲᠥᠬᠦᠮ ᠦᠵᠡᠭᠦᠯᠬᠦ ᠬᠡᠷᠡᠭᠲᠡᠶ᠃ ᠪᠠᠶᠢᠭᠠᠯᠢ ᠶᠢᠨ ᠰᠢᠲᠠᠮᠠᠬᠠᠶ ᠬᠡᠶ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠥᠷᠭᠡᠳᠬᠡᠨ᠂ ᠰᠢᠲᠠᠮᠠᠬᠠᠶ ᠬᠡᠶ ᠶᠢᠨ ᠬᠠᠩᠭᠠᠯᠭ᠎ᠠ ᠶᠢᠨ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠰᠢᠲᠠᠮᠠᠬᠠᠶ ᠬᠡᠶ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠣᠯᠠᠨ ᠲᠦᠮᠡᠨ ᠳᠤ ᠨᠠᠩ ᠣᠯᠠᠨ ᠪᠣᠳᠠᠲᠤ ᠠᠰᠢᠭ ᠬᠦᠷᠲᠡᠭᠡᠬᠦ ᠬᠡᠷᠡᠭᠲᠡᠶ᠃ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠡᠳᠦᠷ ᠲᠤᠲᠤᠮ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠤᠭᠤᠯᠠᠶ᠂ ᠲᠥᠬᠦᠭᠡᠷᠦᠮᠵᠢ᠂ ᠭᠤᠭᠴᠤᠭ᠎ᠠ ᠨᠢᠭᠡᠪᠦᠷᠢ ᠳᠤ ᠡᠷᠬᠡᠪᠰᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ᠃ ᠨᠡᠭᠦᠷᠡᠰᠦᠨ ᠬᠡᠢ ᠶᠢᠨ ᠯᠣᠩᠬᠤ ᠬᠡᠷᠡᠭᠯᠡᠵᠦ ᠪᠠᠶᠢᠭ᠎ᠠ ᠰᠠᠭᠤᠭᠠᠯᠢ ᠠᠷᠠᠳ ᠪᠣᠯᠤᠨ ᠬᠤᠳᠠᠯᠳᠤᠭᠠᠨ ᠤ ᠡᠷᠦᠬᠡ ᠳᠤ ᠠᠮᠤᠷ ᠲᠦᠪᠰᠢᠨ ᠤ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠵᠢᠷᠤᠮᠵᠢᠯ ᠲᠠᠢ ᠠᠵᠢᠯᠯᠠᠭᠤᠯᠬᠤ ᠶᠢ ᠴᠢᠩᠭ᠎ᠠ ᠵᠢᠷᠤᠮᠯᠠᠵᠤ᠂ ᠬᠡᠢ ᠬᠠᠩᠭᠠᠬᠤ ᠠᠵᠤ ᠠᠬᠤᠶᠢᠯᠠᠯ ᠤᠳ ᠪᠣᠯᠣᠳ ᠯᠣᠩᠬᠤ ᠨᠢᠭᠡᠪᠦᠷᠢ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠪᠠᠶᠢᠩᠭᠤ ᠣᠨᠣᠰᠢᠯᠠᠬᠤ᠂ ᠲᠡᠮᠳᠡᠭᠯᠡᠯ ᠲᠠᠢ᠂ ᠨᠡᠬᠡᠮᠵᠢᠯᠡᠵᠦ ᠪᠣᠯᠬᠤ ᠶᠢ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠩᠱᠠᠨ ᠲᠣᠭᠤᠷᠢᠭ ᠤᠨ ᠨᠠᠨ ᠰᠢᠨ ᠵᠡᠭᠡᠯᠢ ᠭᠤᠳᠤᠮᠵᠢ ᠶᠢᠨ ᠲᠤᠸᠠᠨ ᠵᠢᠶᠧ ᠰᠠᠭᠤᠭᠠᠯᠢ ᠲᠣᠭᠤᠷᠢᠭ ᠪᠣᠯᠤᠨ ᠰᠦᠩᠱᠠᠨ ᠲᠣᠭᠤᠷᠢᠭ ᠤᠨ ᠰᠢᠶᠠᠩ ᠶᠠᠩ ᠬᠤᠶᠠᠳᠤᠭᠠᠷ ᠳᠤᠭᠤᠶᠢᠯᠠᠩ ᠳᠤ᠂ ᠸᠠᠨ ᠴᠤᠤ ᠴᠢ ᠬᠠᠭᠤᠴᠢᠨ ᠰᠠᠭᠤᠭᠠᠯᠢ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠬᠠᠭᠤᠴᠢᠨ ᠬᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ᠂ ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠠᠰᠠᠷ ᠳᠡᠭᠡᠷ᠎ᠡ ᠠᠴᠠ ᠴᠠᠬᠢᠯᠭᠠᠨ ᠤᠳᠠᠰᠤ ᠲᠠᠲᠠᠬᠤ ᠶᠢ ᠴᠡᠭᠴᠡᠯᠡᠨ ᠵᠠᠰᠠᠭᠰᠠᠨ ᠵᠡᠷᠭᠡ ᠲᠠᠯ᠎ᠠ ᠶᠢᠨ ᠠᠬᠢᠴᠠ ᠶᠢ ᠨᠤᠲᠠᠯᠠᠵᠤ᠂ ᠡᠬᠢ ᠪᠠᠶᠠᠯᠢᠭ ᠤᠨ ᠬᠦᠴᠦᠨ ᠢ ᠬᠠᠭᠤᠴᠢᠨ ᠬᠤᠲᠠ ᠲᠣᠭᠤᠷᠢᠭ ᠲᠡᠶᠢᠰᠢ ᠨᠠᠩ ᠢᠯᠡᠭᠦᠦ ᠬᠡᠯᠪᠡᠶᠢᠯᠭᠡᠨ᠂ ᠣᠯᠠᠨ ᠲᠠᠯ᠎ᠠ ᠪᠠᠷ ᠪᠠᠯᠠ ᠮᠥᠩᠭᠦ ᠴᠤᠭᠯᠠᠭᠤᠯᠵᠤ᠂ ᠢᠳᠡᠪᠬᠢᠲᠡᠶ ᠠᠬᠢᠭᠤᠯᠤᠨ ᠬᠡᠷᠡᠭᠵᠢᠭᠦᠯᠵᠦ᠂ ᠥᠭᠡᠷᠡᠴᠢᠯᠡᠨ ᠪᠠᠶᠢᠭᠤᠯᠬᠤ ᠠᠬᠢᠴᠠ ᠶᠢ ᠲᠥᠷᠭᠡᠳᠬᠡᠨ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠣᠯᠠᠨ ᠲᠦᠮᠡᠨ ᠤ ᠰᠠᠨᠠᠯ ᠢ ᠢᠯᠡᠭᠦᠬᠡᠨ ᠬᠤᠷᠢᠶᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠲᠥᠯᠥᠪᠯᠡᠭᠡ ᠬᠢᠵᠦ᠂ ᠥᠭᠡᠷᠡᠴᠢᠯᠡᠬᠦ ᠠᠵᠢᠯ ᠢ ᠰᠠᠭᠤᠭᠠᠯᠢ ᠠᠷᠠᠳ ᠤᠨ ᠬᠦᠰᠡᠯ ᠰᠠᠨᠠᠭᠠᠨ ᠳᠤ ᠨᠡᠩ ᠢᠯᠡᠭᠦᠦ ᠨᠡᠶᠢᠴᠡᠭᠦᠯᠵᠦ᠂ ᠪᠣᠳᠠᠲᠠᠶ ᠠᠰᠠᠭᠤᠳᠠᠯ ᠢ ᠢᠯᠡᠭᠦᠬᠡᠨ ᠰᠢᠢᠳᠪᠦᠷᠢᠯᠡᠬᠦ ᠬᠡᠷᠡᠭᠲᠡᠶ᠃ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠰᠠᠭᠤᠭᠠᠯᠢ ᠠᠷᠠᠳ ᠤᠨ ᠠᠮᠢᠳᠤᠷᠠᠯ᠂ ᠨᠡᠶᠢᠲᠡ ᠶᠢᠨ ᠬᠡᠷᠡᠭᠯᠡᠭᠡᠨ ᠤ ᠲᠥᠬᠦᠭᠡᠷᠥᠮᠵᠢ᠂ ᠬᠠᠮᠢᠶᠠᠷᠤᠯᠲᠠ ᠦᠢᠯᠡᠴᠢᠯᠡᠭᠡ ᠵᠡᠷᠭᠡ ᠣᠯᠠᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠵᠦ᠂ ᠠᠯᠢ ᠴᠢᠳᠠᠬᠤ ᠪᠠᠷ ᠲᠥᠬᠦᠷᠵᠢᠭᠦᠯᠦᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠭᠦᠯᠦᠨ᠂ ᠵᠠᠮ ᠬᠠᠷᠢᠯᠴᠠᠭ᠎ᠠ᠂ ᠲᠡᠷᠭᠡ ᠵᠣᠭᠰᠣᠬᠤ ᠪᠠ ᠴᠠᠬᠢᠯᠭᠠᠨ᠂ ᠰᠢᠲᠠᠮᠠᠬᠠᠶ ᠬᠡᠢ᠂ ᠤᠰᠤ ᠬᠡᠷᠡᠭᠯᠡᠬᠦ ᠶᠢ ᠰᠠᠶᠢᠲᠤᠷ ᠬᠠᠮᠢᠶᠠᠷᠴᠤ᠂ ᠬᠠᠭᠤᠴᠢᠨ ᠰᠠᠭᠤᠭᠠᠯᠢ ᠲᠣᠭᠤᠷᠢᠭ ᠢ ᠨᠡᠩ ᠡᠮᠬᠢ ᠵᠢᠷᠤᠮ ᠲᠠᠢ ᠨᠡᠩ ᠠᠮᠤᠷ ᠲᠦᠪᠰᠢᠨ ᠪᠠᠶᠢᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃     ᠸᠠᠨ ᠴᠤᠤ ᠴᠢ ᠪᠠᠰᠠ ᠰᠥᠩ ᠴᠧᠩ ᠵᠠᠮ ᠠᠴᠠ ᠶᠢᠨ ᠡᡁᠧ ᠵᠠᠮ ᠬᠦᠷᠬᠦ ᠬᠡᠰᠡᠭ ᠤᠨ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠪᠣᠯᠤᠨ ᠰᠦᠩᠱᠠᠨ ᠡᠮᠨᠡᠯᠭᠡ ᠶᠢᠨ ᠬᠤᠷᠢᠶ᠎ᠠ᠂ ᠰᠦᠩᠱᠠᠨ ᠲᠣᠭᠤᠷᠢᠭ ᠤᠨ ᠳᠣᠯᠣᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠮᠤᠬᠤᠷ ᠵᠠᠮ ᠢ ᠨᠡᠪᠲᠡᠷᠡᠭᠦᠯᠦᠭᠰᠡᠨ ᠪᠠ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠭᠰᠡᠨ ᠪᠠᠶᠢᠳᠠᠯ ᠢ ᠣᠶᠢᠯᠠᠭᠠᠵᠤ᠂ ᠬᠤᠶᠠᠷ ᠲᠣᠭᠤᠷᠢᠭ ᠪᠣᠯᠤᠨ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠬᠤᠳᠠ ᠲᠣᠭᠤᠷᠢᠭ ᠤᠨ ᠵᠠᠮ ᠬᠠᠷᠢᠯᠴᠠᠭᠠᠨ ᠤ ᠠᠵᠢᠯᠯᠠᠭᠠᠨ ᠢ ᠰᠢᠰᠲ᠋ᠧᠮ ᠲᠠᠢ ᠰᠢᠯᠢᠳᠡᠭᠵᠢᠭᠦᠯᠬᠦ ᠰᠡᠳᠬᠢᠴᠡ ᠠᠷᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠨᠢᠭᠡ ᠲᠠᠯ᠎ᠠ ᠪᠠᠷ ᠵᠠᠮ ᠤᠨ ᠲᠣᠣᠷ ᠤᠨ ᠪᠦᠳᠦᠭᠡᠨ ᠪᠠᠶᠢᠭᠤᠯᠤᠯᠲᠠ ᠶᠢ ᠠᠳᠬᠤᠨ᠂ ᠨᠥᠭᠦᠭᠡ ᠲᠠᠯ᠎ᠠ ᠪᠠᠷ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠲᠤᠬᠢᠷᠠᠭᠤᠯᠤᠨ ᠰᠢᠯᠢᠳᠡᠭᠵᠢᠭᠦᠯᠵᠦ᠂ ᠪᠠᠷᠢᠮᠵᠢᠶ᠎ᠠ ᠱᠤᠭᠤᠮ ᠤᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠲᠦᠷᠢᠮ ᠠᠴᠠ ᠵᠥᠷᠢᠴᠡᠭᠰᠡᠨ ᠠᠵᠢᠯᠯᠠᠭᠠᠨ ᠢ ᠵᠠᠯᠠᠷᠠᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ ᠢ ᠭᠤᠣᠯᠳᠠᠯᠭ᠎ᠠ ᠲᠠᠢ ᠵᠠᠰᠠᠵᠤ᠂ ᠵᠠᠮ ᠬᠠᠷᠢᠯᠴᠠᠭ᠎ᠠ ᠶᠢ ᠨᠡᠩ ᠡᠮᠬᠢ ᠵᠢᠷᠤᠮ ᠲᠠᠢ᠂ ᠤᠯᠠᠨ ᠲᠦᠮᠡᠨ ᠳᠤ ᠨᠡᠩ ᠲᠦᠬᠦᠮ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠶᠢᠩ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ