| 9 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠨ ᠴᠤᠤ ᠴᠢ ᠬᠤᠲᠠ ᠶᠢᠨ ᠨᠠᠮ ᠤᠨ | ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠭᠤᠤᠯ ᠰᠡᠳᠦᠪᠲᠦ ᠬᠥᠮᠦᠵᠢᠯ ᠥᠷᠨᠢᠭᠦᠯᠬᠦ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭᠠᠨ ᠤ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ | ᠬᠢᠪᠠ᠃ | ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ᠂ ᠲᠥᠪ ᠤᠨ | ᠤᠯᠤᠰ ᠲᠦᠷᠦ ᠶᠢᠨ ᠲᠣᠪᠴᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠴᠡᠭᠴᠡᠯᠡᠬᠦ᠂ | ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠪᠠ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠬᠦ ᠲᠤᠬᠠᠢ ᠴᠢᠬᠤᠯᠠ ᠵᠢᠭᠠᠪᠤᠷᠢ ᠶᠢᠨ | ᠱᠠᠭᠠᠷᠳᠠᠯᠭ᠎ᠠ ᠶᠢ ᠬᠠᠮᠲᠤ ᠪᠠᠷ ᠰᠤᠷᠤᠯᠴᠠᠪᠠ᠃ ᠣᠯᠠᠨ ᠢᠶᠠᠷ ᠢᠶᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠨᠢ ᠦᠵᠡᠯ | ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠲᠣᠰ ᠤᠳᠠᠭ᠎ᠠ ᠶᠢᠨ ᠡᠷᠭᠢᠴᠡᠭᠦᠯᠦᠯ ᠢᠶᠠᠷ ᠳᠡᠮᠵᠢᠨ ᠪᠡᠯᠡᠳᠬᠡᠯ ᠦᠷ᠎ᠡ ᠪᠦᠲᠦᠮᠵᠢ ᠣᠯᠵᠤ᠂ | ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠳᠤ ᠦᠵᠡᠯ ᠰᠠᠨᠠᠭ᠎ᠠ ᠪᠠ ᠣᠨᠣᠯ ᠤᠨ ᠰᠠᠭᠤᠷᠢ ᠲᠠᠯᠪᠢᠵᠤ ᠥᠭᠪᠡ᠃ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ | ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠲᠠᠯ᠎ᠠ ᠪᠠᠷ ᠰᠠᠶᠢᠨ ᠳᠠᠭᠠᠭᠤᠯᠤᠭᠴᠢ ᠪᠣᠯᠤᠨ ᠥᠯᠢᠭᠡᠷ ᠳᠠᠭᠤᠷᠢᠶᠠᠯ ᠪᠣᠯᠵᠣ᠂ ᠬᠦᠴᠢᠷ ᠢ ᠳᠤᠭᠤᠯᠤᠨ | ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠢᠶᠠᠨ ᠲᠠᠰᠤᠷᠠᠯᠲᠠ ᠥᠬᠡᠶ ᠴᠢᠩᠭᠠᠳᠬᠠᠨ᠎ᠠ ᠭᠡᠵᠦ ᠢᠯᠡᠷᠬᠡᠶᠢᠯᠡᠪᠡ᠃ | ᠸᠠᠨ ᠴᠤᠤ ᠴᠢ ᠳ᠋ᠦᠩᠨᠡᠯᠲᠡ ᠳᠡᠭᠡᠨ᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠥᠷᠨᠢᠭᠦᠯᠬᠦ ᠲᠤᠬᠠᠶ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠭᠤᠤᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠬᠠᠷᠠᠯᠲᠠ | ᠱᠠᠭᠠᠷᠳᠠᠯᠭ᠎ᠠ ᠪᠣᠯᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠳᠡᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠬᠡᠵᠦ᠂ ᠭᠤᠤᠯ ᠰᠡᠳᠦᠪᠲᠦ ᠬᠥᠮᠦᠵᠢᠯ ᠤᠨ | ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠵᠦ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠪᠦᠷᠢᠯᠳᠦᠬᠦᠨ ᠪᠣᠯᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠭᠤᠣᠯ ᠠᠭᠤᠯᠭ᠎ᠠ ᠶᠢ ᠡᠵᠡᠮᠰᠢᠬᠦ ᠵᠡᠷᠭᠡ ᠲᠠᠯ᠎ᠠ ᠪᠠᠷ ᠡᠮᠦᠨ᠎ᠡ ᠨᠢ ᠶᠠᠪᠤᠵᠤ᠂ ᠪᠦᠬᠦ ᠬᠤᠳᠠ ᠶᠢᠨ ᠨᠠᠮ ᠤᠨ | ᠭᠡᠰᠢᠭᠦᠨ ᠺᠠᠳ᠋ᠷ ᠢ ᠳᠠᠶᠢᠴᠢᠯᠠᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠵᠡᠯ ᠤᠬᠠᠮᠰᠠᠷ ᠢᠶᠠᠨ ᠨᠡᠩ ᠰᠠᠶᠢᠲᠤᠷ ᠵᠡᠪᠰᠡᠭᠯᠡᠵᠦ᠂ ᠰᠡᠳᠬᠢᠯ ᠰᠠᠨᠠᠭ᠎ᠠ ᠪᠠᠨ | ᠨᠢᠭᠲᠠᠷᠠᠭᠤᠯᠤᠨ ᠰᠦᠭ ᠰᠦᠨᠡᠰᠦ ᠪᠠᠨ ᠴᠣᠭᠴᠠᠯᠠᠬᠤ ᠬᠡᠷᠡᠭᠲᠡᠢ᠃ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠨᠡᠩ ᠴᠢᠬᠤᠯᠠᠴᠢᠯᠠᠨ᠂ ᠤᠯᠠᠭᠠᠨᠬᠠᠳᠠ ᠶᠢᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠯᠠᠪᠳᠠᠭᠤᠨ ᠪᠠᠲᠤᠲᠠᠢ ᠪᠠᠶᠢᠴᠠᠭᠠᠨ ᠰᠤᠳᠤᠯᠤᠯᠲᠠ ᠬᠢᠵᠦ᠂ | ᠨᠡᠩ ᠤᠯᠠᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ᠭᠤᠣᠯ ᠰᠡᠳᠦᠪᠲᠦ ᠬᠥᠮᠦᠵᠢᠯ ᠤᠨ ᠦᠷ᠎ᠡ | ᠪᠥᠲᠥᠮᠵᠢ ᠨᠢ ᠤᠯᠠᠨ ᠲᠦᠮᠡᠨ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠢ ᠴᠢᠬᠤᠯᠠᠴᠢᠯᠠᠪᠠ᠃ | ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠠᠵᠢᠯ ᠤᠨ ᠪᠠᠶᠢᠷᠢ ᠳᠠᠭᠠᠨ ᠪᠠᠶᠢᠭ᠎ᠠ ᠤᠳᠤᠷᠢᠳᠤᠯᠭ᠎ᠠ᠂ ᠬᠤᠲᠠ ᠶᠢᠨ ᠰᠢᠭᠦᠬᠦ ᠬᠤᠷᠢᠶ᠎ᠠ ᠪᠠᠶᠢᠴᠠᠭᠠᠬᠤ | ᠬᠤᠷᠢᠶ᠎ᠠ ᠶᠢᠨ ᠳᠠᠷᠤᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ᠂ | ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠨᠥᠬᠦᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ | | |