︽ᠨᠢᠩᠴᠧᠩ ᠤᠨ V ᠵᠠᠰᠠᠭ ᠤᠨ ᠶᠠᠪᠤᠳᠠᠯ︾ ᠤᠨ ᠰᠢᠭᠤᠳ ᠨᠡᠪᠲᠡᠷᠡᠭᠦᠯᠭᠡ ᠶᠢᠨ ᠳᠠᠷᠣᠮ ᠤᠨ ᠲᠤᠭ᠎ᠠ 100 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2024/1/16
   ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠤ ᠠᠬᠤᠶᠢᠯᠠᠯ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠤᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠢ ᠨᠡᠭᠡᠭᠡᠵᠦ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ + ᠰᠢᠭᠤᠳ ᠨᠡᠪᠲᠡᠷᠡᠭᠦᠯᠭᠡ︾ ᠶᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠭᠦᠨᠵᠡᠭᠡᠢ ᠠᠭᠤᠰᠤᠯᠴᠠᠭᠤᠯᠬᠤ ᠪᠠᠷ ᠳᠠᠮᠵᠢᠭᠤᠯᠵᠤ᠂ ᠤᠯᠠᠨ ᠲᠦᠮᠡᠨ ᠳᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠬᠤᠯᠪᠣᠭᠳᠠᠭᠰᠠᠨ ᠬᠤᠯᠪᠣᠭᠳᠠᠯ ᠪᠦᠬᠦᠢ ᠠᠰᠠᠭᠤᠳᠠᠯ ᠢ ᠲᠠᠶᠢᠯᠪᠤᠷᠢᠯᠠᠨ ᠥᠭᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠦᠵᠡᠭᠳᠡᠬᠦ︾᠂ ︽ᠤᠯᠠᠨ ᠲᠦᠮᠡᠨᠴᠢᠯᠡᠬᠦ︾ ᠪᠣᠯᠭᠠᠪᠠ᠃ 2022 ᠣᠨ ᠤ 9 ᠰᠠᠷ᠎ᠠ ᠠᠴᠠ ᠡᠬᠢᠯᠡᠨ ︽ᠨᠢᠩᠴᠧᠩ ᠤᠨ V ᠵᠠᠰᠠᠭ ᠤᠨ ᠶᠠᠪᠤᠳᠠᠯ︾ ᠤᠨ ᠵᠠᠭᠪᠤᠷ ᠢ ᠡᠬᠢᠯᠡᠨ ᠬᠡᠷᠡᠭᠵᠢᠭᠦᠯᠵᠦ᠂  ᠺᠤᠸᠠᠢ ᠱᠧᠦ᠂ ᠳ᠋ᠧᠦ ᠶᠢᠨ ᠰᠢᠭᠤᠳ ᠨᠡᠪᠲᠡᠷᠡᠭᠦᠯᠭᠡ ᠶᠢᠨ ᠳᠠᠩᠰᠠᠨ ᠤ ᠨᠣᠮᠧᠷ ᠢ ᠨᠡᠭᠡᠭᠡᠵᠦ᠂ ᠲᠤᠰᠬᠠᠢ ᠲᠤᠰᠢᠶᠠᠯᠲᠤ ᠪᠦᠯᠬᠦᠮ᠂ ᠵᠠᠰᠠᠭ ᠤᠨ ᠶᠠᠪᠤᠳᠠᠯ ᠤᠨ ︽ᠭᠤᠣᠯ ᠨᠡᠪᠲᠡᠷᠡᠭᠦᠯᠭᠡ ᠶᠢᠨ ᠪᠦᠯᠬᠦᠮ︾ ᠢ ᠵᠣᠬᠢᠶᠠᠨ ᠪᠠᠶᠢᠭᠤᠯᠵᠤ᠂ ︽ᠰᠢᠭᠤᠳ ᠨᠡᠪᠲᠡᠷᠡᠭᠦᠯᠬᠦ ᠲᠠᠰᠤᠭ︾ ᠤᠨ ᠵᠢᠭᠰᠠᠭᠠᠯ ᠤᠨ ᠭᠠᠵᠠᠷ ᠭᠠᠷᠭᠠᠵᠤ᠂ ᠵᠠᠰᠠᠭ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠂ ᠣᠯᠠᠨ ᠲᠦᠮᠡᠨ ᠤ ᠠᠩᠬᠠᠷᠴᠤ ᠪᠠᠶᠢᠭ᠎ᠠ ᠵᠦᠢᠯ ᠳᠤ ᠴᠠᠭ ᠲᠤᠬᠠᠢ ᠳᠤᠨᠢ ᠬᠠᠷᠢᠭᠤ ᠥᠭᠴᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠭᠤᠯᠭ᠎ᠠ ᠶᠢ ᠬᠢᠯᠪᠠᠷ ᠣᠶᠢᠯᠠᠭᠠᠮᠵᠢᠲᠠᠢ ᠦᠵᠡᠵᠦ ᠰᠣᠨᠣᠰᠬᠤ ᠳᠤᠷᠠᠲᠠᠢ ᠥᠯᠢᠭᠡᠷ ᠦᠶᠯᠡ ᠶᠠᠪᠤᠳᠠᠯ ᠢ ᠨᠠᠶᠢᠷᠠᠭᠤᠯᠤᠨ ᠲᠣᠭᠯᠠᠬᠤ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ᠂ ᠲᠥᠷᠥ ᠶᠢᠨ ᠪᠣᠳᠣᠯᠭ᠎ᠠ᠂ ᠠᠷᠠᠳ ᠤᠨ ᠠᠮᠢᠳᠤᠷᠠᠯ ᠤᠨ ᠲᠠᠯ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠣᠯᠠᠨ ᠲᠦᠮᠡᠨ ᠳᠤ ᠦᠵᠡᠬᠦ ᠳᠤᠷᠠᠲᠠᠢ ᠵᠦᠢᠯ ᠢ ᠣᠶᠢᠯᠠᠭᠠᠭᠤᠯᠤᠨ᠎ᠠ᠃ ᠣᠲᠣ ᠪᠣᠯᠲᠠᠯ᠎ᠠ᠂ ᠨᠡᠶᠢᠲᠡ 40 ᠲᠠᠯᠠᠪᠤᠷ ᠰᠢᠭᠤᠳ ᠨᠠᠪᠲᠠᠷᠡᠭᠦᠯᠵᠦ᠂ 60 ᠴᠠᠭ ᠤᠨ ᠣᠷᠳᠣ ᠲᠠᠢ 76 ᠸᠢᠳᠢᠤ᠋ ᠪᠦᠲᠦᠭᠡᠯ ᠨᠡᠶᠢᠲᠡᠯᠡᠵᠦ᠂ ᠰᠦᠯᠵᠢᠶᠡᠨ ᠳᠡᠭᠡᠷ᠎ᠡ ᠣᠯᠠᠨ ᠲᠦᠮᠡᠨ ᠤ ᠠᠰᠠᠭᠤᠯᠲᠠ ᠶᠢ ᠨᠡᠶᠢᠲᠡ 35 ᠲᠦᠮᠡᠨ ᠵᠤᠷᠪᠤᠰ ᠬᠠᠷᠢᠭᠤᠯᠵᠠᠢ᠃ ᠬᠦᠷᠢᠶᠡᠯᠡᠭᠴᠢ ᠶᠢᠨ ᠲᠤᠭ᠎ᠠ 3 ᠲᠦᠮᠡ ᠪᠣᠯᠣᠨ ᠨᠡᠮᠡᠭᠳᠡᠵᠦ᠂ ᠮᠠᠭᠲᠠᠭᠰᠠᠨ ᠳᠠᠷᠣᠮ 35 ᠲᠦᠮᠡ ᠳᠤ ᠬᠦᠷᠴᠦ᠂ ᠳᠠᠷᠣᠮ ᠤᠨ ᠲᠤᠭ᠎ᠠ 102 ᠲᠦᠮᠡ ᠳᠤ ᠬᠦᠷᠴᠡᠢ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ