ᠰᠦᠩᠱᠠᠨ ᠲᠣᠭᠤᠷᠢᠭ ᠤᠨ ᠥᠩᠭᠡᠲᠦ ᠸᠠᠭᠠᠷ ᠤᠨ ᠪᠠᠯ ᠤᠨ ᠪᠠᠭᠤᠷᠢ ᠨᠢ ᠵᠢᠷᠭᠤᠳᠤᠭᠠᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠳᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/1/17
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠢᠷᠭᠤᠳᠤᠭᠠᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢ ᠨᠡᠶᠢᠲᠡᠯᠡᠬᠦ ᠲᠤᠬᠠᠶ ᠮᠡᠳᠡᠭᠳᠡᠯ︾᠎ ᠢ ᠨᠡᠶᠢᠲᠡᠯᠡᠪᠡ᠃ ᠡᠭᠦᠨ ᠤ ᠳᠣᠲᠣᠷ᠎ᠠ ᠰᠦᠩᠱᠠᠨ ᠲᠣᠭᠤᠷᠢᠭ ᠤᠨ ᠥᠩᠭᠡᠲᠦ ᠸᠠᠭᠠᠷ ᠤᠨ ᠪᠠᠯ ᠤᠨ ᠪᠠᠭᠤᠷᠢ ᠨᠢ ᠨᠡᠷᠡᠰ ᠤᠨ ᠵᠢᠭᠰᠠᠭᠠᠯᠲᠠ ᠳᠤ ᠤᠷᠤᠭᠰᠠᠨ ᠪᠠᠶᠢᠨ᠎ᠠ᠃      ᠰᠦᠩᠱᠠᠨ ᠲᠣᠭᠤᠷᠢᠭ ᠤᠨ ᠥᠩᠭᠡᠲᠦ ᠸᠠᠭᠠᠷ ᠤᠨ ᠪᠠᠯ ᠤᠨ ᠪᠠᠭᠤᠷᠢ ᠨᠢ ᠠᠩᠴᠢᠨ ᠪᠠᠯᠭᠠᠰᠤᠨ ᠤ ᠾᠧ ᠡᠤ ᠰᠦ ᠠᠶᠢᠯ ᠳᠤ ᠪᠣᠶ᠂ ᠪᠣᠳᠠᠲᠠᠶ ᠮᠠᠯᠲᠠᠵᠤ ᠭᠠᠷᠭᠠᠭᠰᠠᠨ ᠲᠠᠯᠠᠪᠠᠶ ᠨᠢ 1300 ᠭᠠᠷᠤᠶ ᠲᠡᠭᠰᠢ ᠳᠥᠷᠪᠡᠯᠵᠢᠨ ᠮᠧᠲᠷ ᠪᠠᠶᠢᠵᠤ᠂ ᠮᠠᠯᠲᠠᠵᠤ ᠭᠠᠷᠭᠠᠭᠰᠠᠨ ᠣᠷᠣᠨ ᠢ ᠡᠮᠦᠨ᠎ᠡ ᠤᠮᠠᠷ᠎ᠠ ᠬᠤᠶᠠᠷ ᠤᠷᠤᠨ ᠬᠤᠪᠢᠶᠠᠵᠤ ᠂ ᠨᠡᠶᠢᠲᠡ 22 ᠬᠡᠷ ᠪᠠᠶᠢᠰᠢᠩ᠂ 22 ᠦᠨᠡᠰᠦᠨ ᠨᠦᠬᠡ᠂ 5 ᠵᠤᠤᠬ᠎ᠠ ᠶᠢ ᠢᠯᠡᠷᠡᠭᠦᠯᠵᠦ᠂ ᠮᠠᠯᠲᠠᠵᠤ ᠭᠠᠷᠭᠠᠭᠰᠠᠨ ᠸᠠᠭᠠᠷ ᠤᠨ ᠰᠠᠪᠠ᠂ ᠴᠢᠯᠠᠭᠤᠨ ᠪᠠᠭᠠᠵᠢ᠂ ᠶᠠᠰᠤᠨ ᠪᠠᠭᠠᠵᠢ᠂ ᠬᠢᠰᠤᠭ᠎ᠠ ᠶᠢᠨ ᠰᠠᠪᠠ ᠵᠡᠷᠭᠡ ᠶᠢ ᠨᠡᠶᠢᠲᠡ 200 ᠭᠠᠷᠤᠶ  ᠢᠯᠡᠷᠡᠭᠦᠯᠦᠭᠰᠡᠨ ᠪᠠᠶᠢᠨ᠎ᠠ᠃       F2᠂ F15 ᠵᠢᠴᠢ ᠯᠣᠣ ᠶᠢᠨ ᠬᠡᠯᠪᠡᠷᠢᠲᠦ ᠬᠢᠰᠤᠭ᠎ᠠ ᠶᠢᠨ ᠴᠢᠮᠡᠭᠯᠡᠯ ᠪᠣᠯ ᠥᠩᠭᠡᠲᠦ ᠸᠠᠭᠠᠷ ᠤᠨ ᠪᠠᠯ ᠤᠨ ᠪᠠᠭᠤᠷᠢ ᠠᠴᠠ ᠣᠯᠳᠠᠭᠰᠠᠨ ᠬᠠᠮᠤᠭ ᠶᠡᠭᠡ ᠣᠯᠤᠯᠲᠠ ᠶᠤᠮ᠂ ᠯᠣᠣ ᠶᠢᠨ ᠬᠡᠯᠪᠡᠷᠢᠲᠦ ᠬᠢᠰᠤᠭ᠎ᠠ ᠶᠢᠨ ᠴᠢᠮᠡᠭᠯᠡᠯ ᠨᠢ ᠥᠩᠭᠡᠷᠡᠭᠰᠡᠨ ᠤ ᠢᠯᠡᠷᠡᠭᠦᠯᠦᠭᠰᠡᠨ ᠬᠤᠩᠱᠠᠨ ᠰᠣᠶᠣᠯ ᠤᠨ ᠡᠪᠬᠡᠮᠡᠯ ᠬᠡᠯᠪᠡᠷᠢ ᠲᠠᠢ ᠯᠣᠣ ᠶᠢᠨ ᠳᠦᠷᠢ ᠠᠴᠠ ᠢᠯᠭᠠᠭᠳᠠᠬᠤ ᠪᠥᠭᠡᠳ ᠣᠳᠣ ᠪᠣᠯᠲᠠᠯᠠᠬᠢ ᠬᠤᠩᠱᠠᠨ ᠰᠣᠶᠣᠯ ᠤᠨ ᠢᠯᠡᠷᠡᠭᠦᠯᠦᠭᠰᠡᠨ ᠬᠠᠮᠤᠭ ᠡᠷᠲᠡᠨ ᠤ ᠯᠣᠣ ᠪᠠᠶᠢᠵᠤ᠂ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠡᠷᠳᠡᠮ ᠰᠢᠨᠵᠢᠯᠡᠭᠡᠨ ᠤ ᠬᠢᠨ ᠤ ᠥᠷᠭᠡᠨ ᠳᠡᠯᠭᠡᠷ ᠶᠠᠷᠢᠯᠴᠠᠭ᠎ᠠ ᠶᠢ ᠡᠭᠦᠰᠭᠡᠭᠰᠡᠨ ᠪᠠᠶᠢᠨ᠎ᠠ᠃ F2 ᠣᠷᠣᠨ ᠰᠠᠭᠤᠴᠠ ᠨᠢ ᠡᠮᠦᠨ᠎ᠡ᠂ ᠤᠮᠠᠷ᠎ᠠ ᠬᠤᠶᠠᠷ ᠦᠷᠦᠭᠡ ᠪᠠᠷ ᠪᠦᠷᠢᠯᠳᠦᠵᠦ᠂ ᠬᠤᠶᠢᠲᠤ ᠦᠷᠦᠭᠡ ᠶᠢᠨ ᠪᠠᠷᠠᠭᠤᠨ ᠬᠡᠷᠡᠮ ᠠᠴᠠ ᠵᠡᠭᠦᠨᠰᠢ 1.9 ᠮᠧᠲᠷ ᠤᠨ ᠤᠷᠳᠤ ᠳᠥᠷᠪᠡᠯᠵᠢᠨ ᠣᠷᠣᠨ ᠳᠣᠲᠣᠷ᠎ᠠ ᠠᠴᠠ ᠵᠢᠮ᠎ᠡ ᠶᠣᠰᠣ ᠪᠠᠷ ᠵᠢᠭᠰᠠᠭᠠᠭᠰᠠᠨ ᠨᠡᠭᠦᠷᠡᠰᠦᠲᠥ᠋ᠷᠥᠭᠴᠢᠲᠦ ᠬᠥᠨᠳᠡᠯᠡᠨ ᠮᠣᠳᠣᠨ ᠤ ᠦᠯᠡᠳᠡᠭᠳᠡᠯ ᠢ ᠢᠯᠡᠷᠡᠭᠦᠯᠵᠡᠶ᠂ ᠲᠤᠰ ᠣᠷᠣᠨ ᠰᠠᠭᠤᠴᠠ ᠶᠢᠨ ᠲᠠᠯᠠᠪᠠᠢ ᠨᠢ ᠶᠡᠭᠡ᠂ ᠣᠷᠣᠨ ᠰᠠᠭᠤᠴᠠ ᠶᠢᠨ ᠬᠡᠯᠪᠡᠷᠢ ᠨᠢ ᠣᠨᠴᠠᠭᠠᠶᠢᠯᠠᠨ ᠬᠤᠩᠱᠠᠨ ᠤ ᠰᠣᠶᠣᠯ ᠤᠨ ᠣᠷᠣᠨ ᠰᠠᠭᠤᠴᠠ ᠶᠢᠨ ᠬᠡᠯᠪᠡᠷᠢ᠂ ᠴᠢᠳᠠᠮᠵᠢ ᠶᠢᠨ ᠬᠤᠪᠢᠶᠠᠷᠢ ᠣᠷᠣᠨ ᠵᠢᠴᠢ ᠨᠡᠶᠢᠭᠡᠮ ᠤᠨ ᠬᠡᠯᠪᠡᠷᠢ ᠪᠠᠶᠢᠳᠠᠯ ᠤᠨ ᠬᠤᠪᠢᠷᠠᠯᠲᠠ ᠶᠢ ᠰᠤᠳᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ F15 ᠪᠣᠯ ᠨᠢᠭᠡᠨ ᠬᠤᠩᠱᠠᠨ ᠰᠣᠶᠣᠯ ᠤᠨ ᠳᠤᠮᠳᠠ ᠬᠡᠯᠪᠡᠷᠢ ᠶᠢᠨ ᠣᠷᠣᠨ ᠰᠠᠭᠤᠴᠠ ᠪᠠᠶᠢᠵᠤ᠂ ᠰᠢᠪᠠᠷ ᠬᠡᠷᠡᠮ᠂ ᠣᠷᠣᠨ ᠰᠠᠭᠤᠴᠠ ᠶᠢᠨ ᠭᠠᠳᠠᠷᠭᠤ ᠵᠢᠴᠢ ᠬᠡᠲᠦ ᠲᠣᠮᠣ ᠬᠡᠯᠪᠡᠷᠢ ᠶᠢᠨ ᠰᠢᠬᠦᠷ ᠬᠡᠯᠪᠡᠷᠢᠲᠦ ᠵᠤᠤᠬ᠎ᠠ ᠶᠢ ᠬᠠᠳᠠᠭᠠᠯᠠᠵᠤ ᠪᠣᠶ᠃ 
ᠢᠷᠡᠯᠲᠡ᠄ ᠰᠥᠩᠱᠠᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ