ᠤᠨᠴᠠᠯᠢᠬᠳᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠠᠤᠬᠠᠨ ᠤ ᠰᠠᠶᠢᠨ ᠰᠠᠶᠢᠬᠠᠨ ᠣᠷᠣᠰᠢᠨ ᠰᠠᠭᠤᠷᠢᠰᠢᠯ ᠢ ᠪᠦᠲᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/1/17
    ᠣᠶᠢᠷ᠎ᠠ ᠶᠢᠨ ᠵᠢᠯ ᠤᠳ ᠲᠤ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠠᠷᠠᠳ ᠢᠶᠠᠷ ᠦᠨᠳᠦᠰᠦ ᠪᠣᠯᠭᠠᠬᠤ ᠶᠢ ᠪᠠᠶᠢᠭᠤᠯᠵᠤ᠂ ᠠᠷᠠᠳ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠬᠤ︾ ᠣᠶᠢᠯᠠᠭᠠᠭᠳᠠᠬᠤᠨ ᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ  ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾᠎ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠬᠥᠳᠡᠭᠡ︾᠎ ᠶᠢ ᠪᠠᠶᠢᠭᠤᠯᠬᠤ ᠪᠠᠷ ᠬᠠᠷᠠᠯᠲᠠ ᠪᠣᠯᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ ︽ᠰᠤᠷᠲᠠᠯ ᠢᠶᠠᠨ ᠬᠤᠪᠢᠷᠠᠭᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ︾᠎ ᠪᠠᠷ ᠭᠠᠷᠳᠠᠴᠠ ᠪᠣᠯᠭᠠᠵᠤ᠂ ᠤᠨᠴᠠᠯᠢᠬᠳᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃    2023 ᠣᠨ ᠠᠴᠠ ᠨᠠᠰᠢ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠡᠭᠡᠳᠦ ᠱᠠᠲᠤᠨ ᠤ 6265 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ  ᠴᠢᠷᠮᠠᠶᠢᠨ ᠣᠯᠵᠤ᠂ ᠡᠭᠦᠨ ᠳᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠᠯᠠ ᠮᠥᠩᠭᠦ 1508 ᠲᠦᠮᠡᠨ ᠲᠥᠭᠦᠷᠢᠭ᠂ ᠬᠤᠲᠠ ᠶᠢᠨ ᠶᠠᠪᠤᠳᠠᠯ ᠤᠨ ᠵᠠᠮ ᠤᠨ ᠪᠠᠯᠠ ᠮᠥᠩᠭᠦ 2882 ᠲᠦᠮᠡᠨ ᠲᠥᠭᠦᠷᠢᠭ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠠᠯᠠ ᠮᠥᠩᠭᠦ 1780 ᠲᠦᠮᠡᠨ ᠲᠥᠭᠦᠷᠢᠭ᠂ ᠪᠣᠬᠢᠷ ᠤᠰᠤ ᠶᠢ ᠰᠢᠢᠳᠪᠦᠷᠢᠯᠡᠬᠦ ᠪᠠᠯᠠ ᠮᠥᠩᠭᠦ 95 ᠲᠦᠮᠡᠨ ᠲᠥᠭᠦᠷᠢᠭ ᠪᠣᠶ᠃ ᠰᠢᠨ᠎ᠡ ᠬᠤᠲᠠ ᠲᠣᠭᠤᠷᠢᠭ ᠤᠨ  ᠨᠠᠢᠮᠠᠳᠤᠭᠠᠷ ᠪᠠᠭ᠎ᠠ ᠰᠤᠷᠭᠠᠭᠤᠯᠢ ᠶᠢᠨ ᠡᠮᠦᠨᠡᠬᠢ  ᠾᠦᠢ ᠽᠧ ᠵᠠᠮ ᠢ ᠪᠥᠲᠥᠭᠡᠨ ᠪᠠᠶᠢᠭᠤᠯᠵᠤ᠂ ᠣᠷᠣᠯᠠᠨ ᠪᠠᠶᠢᠭᠤᠯᠤᠭᠰᠠᠨ ᠠᠣᠬᠠᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠠᠰᠠᠷ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ᠃ ᠬᠠᠭᠤᠴᠢᠨ ᠬᠤᠲᠠ ᠲᠣᠭᠤᠷᠢᠭ ᠲᠤ ᠴᠢᠩ ᠴᠢᠤᠸᠠᠨ ᠵᠠᠮ᠂ ᠰᠢ ᠱᠠᠨ ᠪᠠᠶᠢᠰᠢᠩ ᠲᠣᠭᠤᠷᠢᠭ ᠤᠨ 2 ᠵᠤᠷᠪᠤᠰ ᠱᠦᠢᠨᠢ ᠵᠠᠮ᠂ ᠰᠢᠨ ᠵᠥᠩ ᠵᠡᠭᠡᠯᠢ ᠶᠢᠨ ᠬᠤᠶᠢᠲᠤ ᠬᠡᠰᠡᠭ ᠪᠠ ᠮᠧᠩ ᠵᠥᠩ ᠵᠡᠭᠡᠯᠢ ᠶᠢᠨ ᠵᠠᠮ ᠤᠨ ᠳ᠋ᠧᠩ ᠢ 112 ᠰᠠᠭᠤᠷᠢ ᠤᠭᠰᠠᠷᠠᠵᠤ᠂ ᠭᠠᠵᠠᠷ ᠳᠣᠤᠷᠠᠬᠢ ᠬᠤᠳᠠᠯᠳᠤᠭᠠᠨ ᠤ ᠵᠡᠭᠡᠯᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ 2023 ᠣᠨ ᠳᠤ ᠡᠬᠢᠯᠡᠭᠦᠯᠵᠦ᠂ 2024 ᠣᠨ ᠳᠤ ᠰᠤᠷᠭᠠᠨ ᠬᠥᠮᠦᠵᠢᠯ ᠤᠨ ᠣᠷᠣᠨ ᠰᠠᠭᠤᠴᠠ ᠶᠢᠨ ᠠᠰᠠᠷ᠂ ᠴᠢᠯᠠᠭᠤᠨ ᠲᠣᠰᠣᠨ ᠤ ᠺᠣᠮᠫᠠᠨᠢ ᠶᠢᠨ ᠣᠷᠣᠨ ᠰᠠᠭᠤᠴᠠ ᠶᠢᠨ ᠠᠰᠠᠷ᠂ ᠵᠠᠮ ᠬᠠᠷᠢᠯᠴᠠᠭᠠᠨ ᠤ ᠲᠣᠪᠴᠢᠶ᠎ᠠ ᠶᠢᠨ ᠣᠷᠣᠨ ᠰᠠᠭᠤᠴᠠ ᠶᠢᠨ ᠠᠰᠠᠷ ᠵᠡᠷᠭᠡ 4 ᠵᠢᠵᠢᠭ ᠲᠣᠭᠤᠷᠢᠭ ᠤᠨ ᠡᠨᠧᠷᠭᠢ ᠠᠷᠪᠢᠯᠠᠵᠤ ᠳᠤᠯᠠᠭᠠᠨ ᠢ ᠬᠠᠮᠠᠭᠠᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠠᠣᠬᠠᠨ ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠣᠷᠣᠨ ᠰᠠᠭᠤᠴᠠ ᠶᠢᠨ ᠠᠰᠠᠷ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠣᠷᠣᠨ ᠰᠠᠭᠤᠴᠠ ᠶᠢᠨ ᠠᠰᠠᠷ ᠵᠡᠷᠭᠡ 29 ᠬᠠᠭᠤᠴᠢᠨ ᠵᠢᠵᠢᠭ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠵᠤ᠂ ᠬᠠᠭᠤᠴᠢᠨ ᠬᠤᠲᠠ ᠲᠣᠭᠤᠷᠢᠭ ᠤᠨ ᠦᠶᠡᠷ ᠢ ᠰᠡᠷᠭᠡᠶᠢᠯᠡᠬᠦ ᠰᠤᠪᠠᠭ ᠤᠨ ᠦᠶᠡᠷ ᠢ ᠰᠡᠷᠭᠡᠶᠢᠯᠡᠬᠦ ᠤᠰᠤᠲᠤᠯ ᠢ ᠰᠡᠷᠭᠡᠶᠢᠯᠡᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠠᠷᠠᠯᠵᠢᠶ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠪᠥᠬᠦ ᠬᠤᠲᠠ ᠶᠢᠨ ᠠᠩᠬᠠᠳᠠᠭᠴᠢ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ  ᠡᠯᠧᠺᠲᠷᠣᠨ ᠦᠨᠡᠮᠯᠡᠯ ᠣᠯᠭᠤᠬᠤ ᠠᠵᠢᠯ ᠢ ᠪᠡᠶᠡᠯᠡᠭᠦᠯᠦᠨ᠂ ᠬᠠᠮᠲᠤᠷᠠᠨ ᠰᠢᠯᠭᠠᠨ ᠠᠪᠬᠤ ᠪᠠ ᠭᠠᠭᠴᠠ ᠰᠠᠭᠤᠷᠢ ᠪᠠᠷ ᠰᠢᠯᠭᠠᠨ ᠠᠪᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠳᠤ ᠨᠡᠶᠢᠲᠡᠯᠢᠭ ᠵᠢᠱᠢᠶ᠎ᠡ ᠪᠣᠯᠭᠠᠨ ᠳᠡᠯᠭᠡᠷᠡᠭᠦᠯᠦᠨ᠎ᠡ᠃
ᠢᠷᠡᠯᠲᠡ᠄ ᠠᠤᠬᠠᠨ ᠬᠤᠰᠢᠭᠤ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ