ᠰᠦᠩᠱᠠᠨ ᠲᠣᠭᠤᠷᠢᠭ ᠤᠨ 5 ᠬᠠᠮᠲᠤ ᠨᠢᠭᠡᠴᠡ ᠨᠢᠭᠡᠳᠦᠭᠡᠷ ᠣᠳᠣᠨ ᠲᠠᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠪᠣᠯᠪᠠᠰᠤᠨ ᠤ ᠨᠣᠮᠧᠷ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/1/17
      ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠪᠣᠯᠪᠠᠰᠤᠨ ᠤ ᠨᠣᠮᠧᠷ ᠢ ᠡᠭᠦᠳᠦᠨ ᠪᠠᠢᠭᠤᠯᠬᠤ ᠠᠵᠢᠯᠯᠠᠭ᠎ᠠ ᠶᠢᠨ ᠵᠣᠬᠢᠶᠠᠨ ᠪᠠᠢᠭᠤᠯᠬᠤ ᠺᠣᠮᠢᠰ ᠠᠴᠠ ︽ᠨᠢᠭᠡᠳᠦᠭᠡᠷ ᠣᠳᠣᠨ ᠳᠡᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠪᠣᠯᠪᠠᠰᠤᠨ ᠤ ᠨᠣᠮᠧᠷ ᠤᠨ ᠬᠠᠮᠲᠤ ᠨᠢᠭᠡᠴᠡ︾᠎ ᠶᠢ ᠳᠠᠷᠤᠮᠠᠯᠯᠠᠨ ᠲᠠᠷᠬᠠᠭᠠᠵᠤ᠂ 510 ᠬᠠᠮᠲᠤ ᠨᠢᠭᠡᠴᠡ ᠶᠢ ︽ᠨᠢᠭᠡᠳᠦᠭᠡᠷ ᠣᠳᠣᠨ ᠲᠠᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠪᠣᠯᠪᠠᠰᠤᠨ ᠤ ᠨᠤᠮᠧᠷ︾᠎ ᠢᠶᠠᠷ ᠮᠠᠭᠠᠳᠯᠠᠨ ᠲᠤᠭᠲᠠᠭᠠᠪᠠ᠂ ᠡᠭᠦᠨ ᠳᠤ ᠰᠦᠩᠱᠠᠨ ᠲᠣᠭᠤᠷᠢᠭ ᠤᠨ 5 ᠵᠠᠯᠠᠭᠤᠴᠤᠳ ᠤᠨ ᠬᠠᠮᠲᠤ ᠨᠢᠭᠡᠴᠡ ᠨᠢᠭᠡᠳᠦᠭᠡᠷ ᠣᠳᠣᠨ ᠳᠡᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠪᠣᠯᠪᠠᠰᠤᠨ ᠤ ᠨᠣᠮᠧᠷ ᠢᠶᠠᠷ ᠲᠤᠭᠲᠠᠭᠠᠭᠳᠠᠪᠠ᠃      ᠪᠤᠲᠠᠲᠠᠢ ᠨᠡᠷᠡᠰ ᠨᠢ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠤᠯᠠᠭᠠᠨᠬᠠᠳᠠ‌ᠬᠤᠲᠠ ᠶᠢᠨ ᠰᠦᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠢᠦᠢ ᠯᠦᠩ ᠵᠡᠭᠡᠯᠢ ᠭᠤᠳᠤᠮᠵᠢ ᠶᠢᠨ ᠭᠠᠶᠢᠯᠢ ᠶᠢᠨ ᠶᠠᠪᠤᠳᠠᠯ ᠤᠨ ᠭᠠᠵᠠᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠶᠢᠨ ᠢᠷᠡᠯᠲᠡ ᠶᠢᠨ ᠬᠠᠮᠢᠶᠠᠷᠤᠯᠲᠠ ᠶᠢᠨ ᠲᠠᠰᠤᠭ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠴᠢᠳᠬᠤᠯᠠᠩ ᠪᠠᠯᠭᠠᠰᠤᠨ ᠤ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ‍ᠤᠨ‌‍ᠲ᠋ᠣᠪᠴᠢᠶᠠᠨ ᠤ ᠮᠦ ᠵᠢᠶᠠ ᠶᠢᠩᠽᠢ ᠪᠠᠯᠭᠠᠰᠤᠨ ᠤ ᠭᠠᠶᠢᠯᠢ ᠶᠢᠨ ᠶᠠᠪᠤᠳᠠᠯ ᠤᠨ ᠭᠠᠵᠠᠷ ᠵᠡᠷᠭᠡ ᠪᠤᠯᠤᠨ᠎ᠠ᠃ 
ᠢᠷᠡᠯᠲᠡ᠄ ᠰᠥᠩᠱᠠᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ