ᠰᠦᠩᠱᠠᠨ ᠲᠣᠭᠤᠷᠢᠭ ᠨᠠᠷᠠᠲᠤ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠪᠠᠷ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/1/17
      ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ ᠬᠦᠴᠦᠷᠬᠡᠭᠵᠢᠭᠦᠯᠦᠨ ᠴᠤᠤᠷᠢᠶᠠᠲᠤᠭᠤᠯᠬᠤ ᠪᠠᠷ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ ᠪᠣᠯᠭᠠᠵᠤ᠂ ᠠᠵᠤ ᠠᠬᠤᠶᠢᠯᠠᠯ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠪᠠ ᠡᠳ᠋ᠰᠢᠭᠦᠯᠬᠦ ᠭᠤᠭᠴᠤᠭ᠎ᠠ ᠶᠢ ᠰᠢᠨ᠎ᠡ ᠬᠡᠯᠪᠡᠷᠢ ᠶᠢᠨ᠂ ᠥᠨᠳᠥᠷ ᠪᠦᠲᠦᠮᠵᠢᠲᠡᠢ᠂ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠴᠢᠭᠯᠡᠯ ᠲᠡᠰᠢ ᠬᠥᠭᠵᠢᠭᠦᠯᠵᠦ᠂ ᠠᠮᠤᠷ ᠲᠦᠪᠰᠢᠨ᠂ ᠪᠣᠬᠢᠷᠲᠤᠯ ᠦᠭᠡᠢ᠂ ᠡᠷᠡᠭᠦᠯ ᠰᠠᠷᠠᠭᠤᠯ ᠪᠦᠲᠦᠭᠡᠭᠳᠡᠬᠦᠨ ᠢ ᠡᠭᠦᠳᠴᠦ᠂ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ ᠪᠤᠶᠢᠵᠢᠭᠤᠯᠬᠤ ᠪᠠ ᠬᠥᠭᠵᠢᠭᠦᠯᠬᠦ ᠳᠤ ᠰᠠᠭᠤᠷᠢ ᠶᠢ ᠪᠠᠬᠢᠵᠢᠭᠦᠯᠪᠡ᠃      ᠤᠯᠠᠭᠠᠨᠬᠠᠳᠠ ᠬᠤᠲᠠ ᠶᠢᠨ ᠣᠨᠴᠠᠯᠢᠭᠲᠤ ᠢᠳᠡᠭᠡᠨ ᠪᠣᠯᠤᠭᠰᠠᠨ ᠤ ᠬᠤᠪᠢ ᠳᠤ᠂ ᠤᠯᠠᠭᠠᠨᠬᠠᠳᠠ ᠶᠢᠨ ᠬᠠᠪᠴᠢᠮᠠᠯ ᠪᠤᠤᠪᠤ ᠨᠢ ︽ᠨᠤᠲᠤᠭ ᠤᠨ ᠦᠨᠦᠷ ᠠᠮᠲᠠ︾᠎ ᠶᠢᠨ ᠲᠥᠯᠥᠭᠡᠯᠡᠭᠴᠢ ᠪᠣᠯᠬᠤ ᠪᠠᠷ ᠪᠠᠷᠠᠬᠤ ᠦᠭᠡᠢ᠂ ᠨᠡᠩ ᠴᠤ ᠣᠷᠣᠨ ᠪᠦᠰᠡ ᠶᠢᠨ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠳᠤ ᠥᠪᠡᠷᠮᠢᠴᠡ ᠣᠨᠴᠠᠯᠢᠭ ᠲᠠᠢ ᠪᠠᠶᠢᠳᠠᠭ᠃ ᠰᠦᠩᠱᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠲᠠᠯ᠎ᠠ ᠨᠤᠲᠤᠭ ᠤᠨ ᠬᠠᠨ ᠲᠠᠩ ᠢᠳᠡᠭᠡᠨ ᠤ ᠬᠢᠵᠠᠭᠠᠷᠲᠤ ᠺᠣᠮᠫᠠᠨᠢ 6000 ᠲᠡᠭᠰᠢ ᠳᠥᠷᠪᠡᠯᠵᠢᠨ ᠮᠧᠲᠷ ᠤᠨ ᠤᠯᠠᠭᠠᠨᠬᠠᠳᠠ ᠶᠢᠨ ᠬᠠᠪᠴᠢᠮᠠᠯ ᠪᠤᠤᠪᠤ ᠶᠢᠨ ᠲᠤᠰᠬᠠᠶ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠪᠣᠯᠤᠨ ᠪᠠᠺᠲ᠋ᠧᠷᠢ ᠦᠭᠡᠶ ᠤᠷᠤᠰᠤᠯ ᠱᠤᠭᠤᠮ ᠤᠨ ᠦᠢᠯᠡᠳᠪᠦᠷᠢᠯᠡᠯ ᠤᠨ ᠲᠠᠰᠤᠭ ᠢ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠺᠣᠮᠫᠠᠨᠢ ᠶᠢᠨ ᠡᠳᠦᠷ ᠤᠨ ᠭᠠᠷᠤᠯᠲᠠ 10 ᠲᠦᠮᠡ᠂ ᠤᠲᠤᠮᠠᠯ ᠮᠢᠬᠠᠨ ᠤ ᠪᠦᠲᠦᠭᠡᠭᠳᠡᠬᠦᠨ 3 ᠲᠣᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠪᠡ᠃ ᠪᠣᠳᠠᠲᠤ ᠴᠣᠭᠴᠠ ᠶᠢᠨ ᠳᠡᠯᠭᠡᠭᠦᠷ ᠲᠤ ᠪᠣᠷᠣᠯᠠᠭᠤᠯᠤᠭᠳᠠᠬᠤ ᠠᠴᠠ ᠭᠠᠳᠠᠨ᠎ᠠ᠂ ᠡᠲᠡᠭᠡᠷ ᠬᠠᠪᠴᠢᠮᠠᠯ ᠪᠤᠤᠪᠤ ᠪᠠᠰᠠ ᠰᠦᠯᠵᠢᠶᠡᠨ ᠳᠡᠭᠡᠷ᠎ᠡ ᠪᠥᠬᠦ ᠤᠯᠤᠰ ᠤᠨ ᠡᠯ᠎ᠡ ᠭᠠᠵᠠᠷ ᠲᠤ ᠪᠤᠷᠤᠯᠠᠭᠤᠯᠤᠭᠳᠠᠨ᠎ᠠ᠃      2023 ᠣᠨ ᠳᠤ᠂ ᠰᠦᠩᠱᠠᠨ ᠲᠣᠭᠤᠷᠢᠭ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠪᠠ᠃ ᠣᠲᠣ ᠪᠣᠯᠲᠠᠯ᠎ᠠ᠂ ᠪᠥᠬᠦ ᠲᠣᠭᠤᠷᠢᠭ ᠤᠨ ᠪᠣᠷᠣᠯᠠᠭᠤᠯᠤᠯᠲᠠ ᠶᠢᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ 69 ᠪᠠᠶᠢᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ 24 ᠪᠠᠶᠢᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ 5 ᠪᠠᠶᠢᠵᠤ᠂ 8 ᠲᠦᠮᠡᠨ ᠲᠠᠷᠢᠶᠠᠴᠢᠨ ᠡᠷᠦᠬᠡ ᠶᠢ ᠳᠠᠶᠢᠴᠢᠯᠠᠨ ᠲᠣᠭᠲᠠᠭᠤᠨ ᠢᠶᠠᠷ ᠠᠵᠢᠯ ᠣᠯᠭᠤᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 75%᠎ ᠳᠤ ᠬᠦᠷᠦᠭᠦᠯᠬᠦ ᠶᠢ ᠠᠬᠢᠭᠤᠯᠪᠠ᠃ ᠢᠳᠡᠰᠢᠨ ᠨᠣᠭᠤᠭ᠎ᠠ᠂ ᠵᠢᠮᠢᠰ᠂ ᠲᠥᠮᠥᠰᠥ᠂ ᠬᠢᠲᠠᠳ ᠡᠮ ᠤᠨ ᠮᠠᠲ᠋ᠧᠷᠢᠶᠠᠯ ᠵᠡᠷᠭᠡ ᠲᠥᠷᠥᠯ ᠵᠦᠢᠯ ᠤᠨ ᠲᠣᠭᠤᠷᠢᠨ ᠳᠤ᠂ ᠰᠦᠩᠱᠠᠨ ᠲᠣᠭᠤᠷᠢᠭ ᠨᠢ ︽ᠴᠦᠨ ᡁᠢ︾ ᠢᠳᠡᠰᠢᠨ ᠨᠣᠭᠤᠭ᠎ᠠ᠂ ︽ᠰᠢᠶᠣᠤ ᠮᠢᠶᠤᠤ ᠽᠢ ᠲᠣᠰᠬᠤᠨ︾᠎ ᠤ ᠬᠢᠲᠠᠳ ᠡᠮ ᠤᠨ ᠮᠠᠲ᠋ᠧᠷᠢᠶᠠᠯ᠂ ︽ᠲᠩᠷᠢ ᠶᠢᠨ ᠴᠢᠷᠠᠢ ᠶᠢ ᠲᠦᠰᠢᠭᠯᠡᠵᠦ ᠬᠤᠷᠢᠶᠠᠬᠤ︾ ︽ᠬᠠᠭᠤᠴᠢᠨ ᠠᠭᠤᠯᠠᠷᠬᠠᠭ ᠤᠷᠤᠨ︾ ︽ᠰᠢᠨ ᠭᠦ᠋ ᠰᠢᠶᠠᠩ︾ ︽ᠳᠣᠬᠢᠭᠤᠷ ᠳᠣᠯᠣᠭᠠᠨ ᠣᠳᠣ︾ ︽ᠵᠢᠶᠦ᠋ᠨ ᠯᠢ ᠹᠧᠩ︾ ᠨᠠᠷᠢᠮᠤ ᠡᠯᠳᠡᠪ ᠠᠮᠤ ᠡᠯᠳᠡᠪ ᠪᠤᠷᠴᠠᠭ ᠵᠡᠷᠭᠡ ᠨᠢᠭᠡ ᠪᠦᠯᠦᠭ ᠨᠡᠯᠢᠶᠡᠳ ᠴᠢᠩᠭ᠎ᠠ ᠥᠷᠢᠰᠥᠯᠳᠦᠬᠦ ᠬᠦᠴᠦᠨ ᠲᠠᠢ ᠣᠷᠣᠨ ᠪᠦᠰᠡ ᠶᠢᠨ ᠴᠢᠨᠠᠷᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠤᠨ ᠬᠦᠭᠵᠢᠭᠦᠯᠪᠡ᠃      ᠣᠲᠣ ᠪᠣᠯᠲᠠᠯ᠎ᠠ᠂ ᠰᠦᠩᠱᠠᠨ ᠲᠣᠭᠤᠷᠢᠭ ᠲᠠᠷᠢᠶᠠᠯᠠᠩ ᠤᠨ ᠪᠦᠲᠦᠭᠡᠭᠳᠡᠬᠦᠨ ᠢ 49 ᠭᠡᠷᠡᠴᠢᠯᠡᠵᠦ᠂ ᠡᠭᠦᠨ ᠳᠤ ᠪᠣᠬᠢᠷᠲᠤᠯ ᠥᠬᠡᠶ ᠢᠳᠡᠭᠡᠨ ᠤ ᠭᠡᠷᠡᠴᠢᠯᠡᠯ 39᠂ ᠭᠠᠵᠠᠷ ᠵᠦᠶ ᠶᠢᠨ ᠢᠯᠭᠠᠬᠤ ᠲᠡᠮᠳᠡᠭ ᠤᠨ ᠲᠠᠷᠢᠶᠠᠯᠠᠩ ᠤᠨ ᠪᠦᠲᠦᠭᠡᠭᠳᠡᠬᠦᠨ 1 ︵ᠰᠢᠶᠠ ᠵᠢᠶᠠ ᠳ᠋ᠢᠶᠠᠨ ᠨᠠᠷᠢᠮᠤ︶᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ 9 ᠪᠣᠶ᠃ ︽ᠮᠧᠩ ᠧᠨ ᠲᠠᠢ︾ ᠰᠢᠬᠢᠷᠯᠢᠭ ᠰᠢᠯᠦᠬᠡᠢ ᠡᠷᠳᠡᠨᠢ ᠰᠢᠰᠢ᠂ ︽ᠲᠠᠶᠢᠪᠤᠩ ᠴᠠᠰᠤ︾ ᠴᠠᠭᠠᠨ ᠰᠢᠬᠢᠷ᠂ ︽ᠮᠧᠩ ᠰᠧᠨ︾ ᠴᠠᠷᠳᠠᠭᠤᠯ᠂ ︽ᠪᠦᠦ ᠯᠦᠩ ᠱᠠᠨ︾ ᠬᠠᠷ᠎ᠠ ᠠᠷᠢᠬᠢ ᠵᠡᠷᠭᠡ ᠨᠢᠭᠡ ᠪᠦᠯᠦᠭ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭ ᠨᠢ ᠰᠦᠩᠱᠠᠨ ᠤ ᠡᠬᠡ ᠭᠠᠵᠠᠷ ᠲᠤ ᠪᠠᠳᠠᠷᠠᠨ ᠳᠡᠯᠭᠡᠷᠡᠵᠦ᠂ ︽ᠵᠢᠶᠠᠩ ᠵᠢᠶᠠ ᠡᠭᠡᠴᠢ ᠳᠡᠭᠦᠦ︾ ᠮᠠᠨᠵᠢᠨ᠂ ︽ᠰᠢᠶᠠᠩ ᠹᠧᠩ︾ ᠰᠢᠷ᠎ᠠ ᠨᠠᠷᠢᠮᠤ᠂ ︽ᠲᠠᠪᠤᠨ ᠥᠩᠭᠡ︾ ᠰᠢᠬᠢᠷᠯᠢᠭ ᠰᠢᠯᠦᠬᠡᠢ ᠡᠷᠳᠡᠨᠢ ᠰᠢᠰᠢ ᠵᠡᠷᠭᠡ ᠪᠦᠲᠦᠭᠡᠭᠳᠡᠬᠦᠨ ᠨᠢ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠠᠯᠲᠠᠨ ᠱᠠᠩᠨᠠᠯ ᠢ ᠬᠦᠷᠲᠡᠪᠡ᠃ ᠡᠭᠦᠨ ᠤ ᠬᠠᠮᠲᠤ᠂ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠰᠦᠩᠱᠠᠨ ᠲᠣᠭᠤᠷᠢᠭ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ︽ᠤᠯᠠᠭᠠᠨᠬᠠᠳᠠ ᠶᠢᠨ ᠰᠠᠶᠢᠨ ᠪᠣᠳᠠᠰ ᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠳᠤ ᠣᠷᠣᠯᠴᠠᠬᠤ᠂ ︽ᠰᠦᠩᠱᠠᠨ ᠤ ᠰᠢᠯᠢᠳᠡᠭ ᠰᠣᠩᠭᠤᠯᠲᠠ︾᠎ ᠶᠢᠨ ᠲᠠᠷᠢᠶᠠᠯᠠᠩ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ ᠶᠢ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠦᠩᠱᠠᠨ ᠲᠣᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠵᠠᠬ᠎ᠠ ᠳᠡᠯᠭᠡᠭᠦᠷ ᠲᠤ ᠨᠠᠩ ᠥᠨᠳᠥᠷ ᠠᠩᠬᠠᠷᠤᠯ ᠲᠠᠯᠪᠢᠵᠤ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠠᠬᠢᠭᠤᠯᠪᠠ᠃ 
ᠢᠷᠡᠯᠲᠡ᠄ ᠰᠥᠩᠱᠠᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ