ᠨᠢᠩᠴᠧᠩ ᠰᠢᠶᠠᠨ ᠢᠳᠡᠭᠡᠨ ᠤ ᠵᠦᠢᠯ ᠡᠮ ᠤᠨ ᠵᠦᠢᠯ ᠤᠨ ᠬᠦᠷᠢᠶᠡᠨ ᠳᠠᠬᠢ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/17
      ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ᠂ ᠪᠥᠬᠦ ᠰᠢᠶᠠᠨ ᠤ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠷᠲᠡᠬᠡᠨ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠰᠢᠶᠠᠨ ᠤ ᠬᠡᠪᠴᠢᠶᠡᠨ ᠳᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃      ᠨᠢᠭᠡ ᠳᠤ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠶᠤᠯᠭᠦᠢ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠢᠳᠡᠭᠡᠨ ᠤᠮᠳᠠᠭᠠᠨ ᠤ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠳᠤ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ ᠡᠳ᠋ᠰᠢᠭᠦᠯᠬᠦ ᠵᠢᠴᠢ ᠥᠯᠢᠭᠡᠷ ᠡᠳ᠋ ᠦᠯᠡᠳᠡᠭᠡᠬᠦ᠂ ᠭᠡᠷᠡᠴᠢ ᠪᠠᠷᠢᠮᠲᠠ ᠠᠪᠬᠤ ᠳᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠪᠣᠳᠠᠲᠠᠶᠢᠵᠢᠭᠤᠯᠤᠭᠰᠠᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠭᠦᠢᠯᠭᠡᠭᠡᠨ ᠤ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠳᠤ᠂ ᠪᠠᠶᠠᠷ ᠤᠨ ᠡᠳᠦᠷ ᠤᠨ ᠬᠤᠭᠤᠴᠠᠭᠠᠨ ᠳᠤ ᠬᠡᠷᠡᠭᠯᠡᠭᠡᠨ ᠤ ᠬᠡᠮᠵᠢᠶ᠎ᠡ ᠪᠠᠷ ᠶᠡᠭᠡ ᠪᠠᠶᠢᠭ᠎ᠠ ᠪᠤᠯᠭᠤᠭᠰᠠᠨ ᠢᠳᠡᠭᠡᠨ ᠤ ᠵᠦᠢᠯ᠂ ᠢᠳᠡᠰᠢᠨ ᠨᠣᠭᠤᠭ᠎ᠠ᠂ ᠬᠥᠯᠳᠡᠭᠡᠭᠰᠡᠨ ᠢᠳᠡᠭᠡᠨ᠂ ᠪᠣᠭᠤᠷᠰᠤᠭ᠂ ᠢᠳᠡᠰᠢᠨ ᠲᠣᠰᠣ᠂ ᠵᠢᠭᠦᠷᠲᠡᠨ ᠮᠠᠯ ᠤᠨ ᠮᠢᠬ᠎ᠠ ᠬᠢᠭᠡᠳ ᠤᠰᠤᠨ ᠭᠠᠷᠤᠯᠲᠠ ᠪᠠᠷ ᠭᠤᠣᠯᠳᠠᠯᠭ᠎ᠠ ᠲᠠᠢ ᠲᠥᠷᠥᠯ ᠵᠦᠢᠯ ᠪᠣᠯᠭᠠᠨ᠂ ᠢᠳᠡᠭᠡᠨ ᠡᠵᠡᠩᠨᠡᠬᠦ ᠨᠢᠭᠡᠴᠡ ᠶᠢᠨ ᠬᠢᠷᠢ ᠴᠢᠳᠠᠮᠵᠢ ᠶᠢᠨ ᠦᠨᠡᠮᠯᠡᠯ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ᠂ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠵᠤ ᠪᠣᠷᠣᠯᠠᠭᠤᠯᠤᠭᠰᠠᠨ ᠡᠬᠡ ᠲᠠᠩᠰᠠ᠂ ᠮᠠᠯ ᠵᠢᠭᠦᠷᠲᠡᠨ ᠮᠢᠬ᠎ᠠ ᠶᠢ ᠰᠢᠯᠭᠠᠨ ᠪᠠᠶᠢᠴᠠᠭᠠᠭᠰᠠᠨ ᠬᠢᠵᠢᠭ ᠪᠠᠶᠢᠴᠠᠭᠠᠭᠰᠠᠨ ᠭᠡᠷᠡᠴᠢ᠂ ᠭᠠᠳᠠᠷ ᠪᠣᠭᠤᠳᠠᠯ ᠤᠨ ᠱᠣᠰᠢᠭ᠎ᠠ ᠲᠡᠮᠳᠡᠭ᠂ ᠬᠠᠳᠠᠭᠠᠯᠠᠬᠤ ᠨᠥᠬᠦᠴᠡᠯ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃      ᠬᠤᠶᠠᠷ ᠲᠤ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠳᠤ ᠬᠡᠷᠡᠭᠯᠡᠬᠦ ᠡᠮ ᠤᠨ ᠠᠮᠤᠷ ᠲᠦᠪᠰᠢᠨ ᠢ ᠪᠠᠲᠤᠯᠠᠪᠠ᠃ ᠬᠠᠷᠢᠶᠠᠲᠤ ᠣᠷᠣᠨ ᠤ ᠡᠮ ᠤᠨ ᠵᠦᠢᠯ ᠢ ᠵᠢᠵᠢᠭᠯᠡᠨ ᠬᠤᠳᠠᠯᠳᠤᠬᠤ᠂ ᠬᠡᠯᠬᠢᠶᠡᠵᠢᠭᠰᠡᠨ ᠠᠵᠤ ᠠᠬᠤᠶᠢᠯᠠᠯ ᠢᠶᠠᠷ ᠭᠤᠣᠯᠳᠠᠯᠭ᠎ᠠ ᠲᠠᠢ ᠡᠲᠡᠭᠡᠳ ᠪᠣᠯᠭᠠᠵᠤ᠂ ᠲᠠᠭᠰᠢᠭᠤᠷ ᠤᠨ ᠡᠮ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠶᠢ ᠡᠰᠡᠷᠭᠦᠴᠡᠬᠦ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ ᠵᠡᠷᠭᠡ ᠪᠠᠶᠢᠩᠭᠤ ᠬᠡᠷᠡᠭᠯᠡᠬᠦ ᠡᠮ ᠤᠨ ᠵᠦᠢᠯ ᠤᠨ ᠡᠵᠡᠩᠨᠡᠯᠲᠡ ᠶᠢᠨ ᠪᠠᠶᠢᠳᠠᠯ ᠳᠤ ᠬᠢᠨᠠᠯᠲᠠ ᠪᠠᠶᠢᠴᠠᠭᠠᠯᠲᠠ ᠬᠢᠪᠡ᠃ ᠡᠯ᠎ᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠮ ᠤᠨ ᠵᠦᠢᠯ ᠢ ᠬᠤᠳᠠᠯᠳᠤᠨ ᠠᠪᠬᠤ ᠳᠠᠭᠠᠨ ᠪᠠᠷᠠᠭ᠎ᠠ ᠬᠠᠩᠭᠠᠬᠤ ᠨᠢᠭᠡᠴᠡ ᠶᠢᠨ ᠬᠠᠤᠯᠢ ᠶᠣᠰᠣᠨ ᠤ ᠬᠢᠷᠢ ᠬᠡᠮ ᠢ ᠲᠣᠭᠲᠠᠭᠠᠭᠰᠠᠨ ᠡᠰᠡᠬᠦ ᠪᠠ ᠡᠮ ᠤᠨ ᠵᠦᠢᠯ ᠤᠨ ᠬᠠᠤᠯᠢ ᠶᠣᠰᠣᠴᠢ ᠴᠢᠨᠠᠷ ᠢ ᠲᠣᠭᠲᠠᠭᠠᠭᠰᠠᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ᠂ ᠪᠣᠷᠣᠯᠠᠭᠤᠯᠤᠭᠴᠢ ᠶᠢᠨ ᠬᠢᠷᠢ ᠬᠡᠮ ᠤᠨ ᠭᠡᠷᠡᠴᠢ ᠪᠠᠶᠢᠬᠤ ᠡᠰᠡᠬᠦ᠂ ᠪᠠᠷᠠᠭ᠎ᠠ ᠲᠠᠢ ᠬᠠᠮᠲᠤ ᠶᠠᠪᠤᠬᠤ ᠬᠠᠭᠤᠳᠠᠰᠤ ︵ᠫᠢᠶᠣᠣ︶᠂ ᠡᠮ ᠤᠨ ᠵᠦᠢᠯ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠪᠢᠴᠢᠭ ᠪᠠ ᠬᠤᠳᠠᠯᠳᠤᠨ ᠠᠪᠤᠭᠰᠠᠨ ᠲᠡᠮᠳᠡᠭᠯᠡᠯ ᠲᠠᠢ ᠬᠠᠷᠢᠴᠠᠭᠤᠯᠤᠨ ᠡᠮ ᠤᠨ ᠵᠦᠢᠯ ᠢ ᠪᠦᠯᠦᠭ ᠳᠠᠷᠠᠭᠠᠯᠠᠨ ᠬᠠᠷᠭᠤᠭᠤᠯᠵᠤ ᠰᠢᠯᠭᠠᠨ ᠠᠪᠬᠤ ᠶᠢᠨ ᠬᠠᠮᠲᠤ᠂ ᠪᠢᠯᠧᠲ᠂ ᠲᠠᠩᠰᠠ᠂ ᠪᠠᠷᠠᠭ᠎ᠠ ᠶᠢ ᠬᠠᠷᠢᠯᠴᠠᠨ ᠨᠡᠶᠢᠴᠡᠭᠦᠯᠦᠭᠰᠡᠨ ᠡᠰᠡᠬᠦ ᠶᠢ ᠬᠢᠨᠠᠨ ᠬᠠᠷᠭᠤᠭᠤᠯᠪᠠ᠃ ᠪᠣᠷᠤᠯᠠᠭᠤᠯᠭ᠎ᠠ ᠶᠢᠨ ᠲᠡᠮᠳᠡᠭᠯᠡᠯ ᠬᠢᠭᠰᠡᠨ ᠡᠰᠡᠬᠦ᠂ ᠢᠯᠠᠩᠭᠤᠶ᠎ᠠ ᠡᠮ ᠤᠨ ᠵᠦᠢᠯ ᠢ ᠪᠣᠷᠣᠯᠠᠭᠤᠯᠬᠤ ᠳᠤ ᠪᠣᠷᠤᠯᠠᠭᠤᠯᠭ᠎ᠠ ᠶᠢᠨ ᠭᠡᠷᠡᠴᠢ ᠪᠠᠷᠢᠮᠲᠠ ᠪᠢᠴᠢᠵᠦ ᠥᠭᠭᠦᠭᠰᠡᠨ ᠡᠰᠡᠬᠦ ᠪᠠ ᠪᠣᠷᠤᠯᠠᠭᠤᠯᠭ᠎ᠠ ᠶᠢᠨ ᠲᠡᠮᠳᠡᠭᠯᠡᠯ ᠢ ᠰᠠᠶᠢᠲᠤᠷ ᠬᠢᠵᠦ᠂ ᠣᠨᠴᠠᠭᠠᠶ ᠬᠠᠮᠢᠶᠠᠷᠤᠯᠲᠠ ᠲᠠᠢ ᠡᠮ ᠤᠨ ᠵᠦᠢᠯ ᠪᠠ ᠤᠯᠤᠰ ᠤᠨ ᠲᠤᠰᠬᠠᠢ ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠡᠮ ᠤᠨ ᠵᠦᠢᠯ ᠢ ᠲᠣᠭᠲᠠᠭᠠᠯ ᠶᠣᠰᠣᠭᠠᠷ ᠪᠣᠷᠣᠯᠠᠭᠤᠯᠤᠭᠰᠠᠨ ᠡᠰᠡᠬᠦ᠂ ︽ᠳᠣᠯᠤᠭ᠎ᠠ ᠶᠢ ᠨᠢᠭᠡᠳᠦᠯᠲᠡᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠦᠭᠰᠡᠨ ᠡᠰᠡᠬᠦ᠂ ᠪᠠᠷᠠᠭ᠎ᠠ ᠬᠡᠯᠬᠢᠯᠳᠦᠭᠰᠡᠨ ᠪᠤᠶᠤ ᠭᠠᠳᠠᠨ᠎ᠠ ᠠᠴᠠ ᠴᠤᠭᠯᠠᠭᠤᠯᠤᠭᠰᠠᠨ ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠡᠯᠧᠺᠲᠷᠣᠨ ᠵᠣᠷ ᠤᠨ ᠲᠠᠪᠴᠠᠩ ᠪᠠ ᠠᠯᠤᠰ ᠡᠵᠡᠮᠰᠢᠯᠲᠦ ᠡᠮ ᠨᠠᠶᠢᠷᠠᠭᠴᠢ ᠶᠢᠨ ᠵᠣᠷ ᠤᠨ ᠰᠢᠰᠲ᠋ᠧᠮ ᠢ ᠱᠠᠭᠠᠷᠳᠠᠯᠭ᠎ᠠ ᠶᠣᠰᠣᠭᠠᠷ ᠴᠢᠩᠭ᠎ᠠ ᠬᠡᠷᠡᠭᠯᠡᠭᠰᠡᠨ ᠡᠰᠡᠬᠦ ᠵᠡᠷᠭᠡ ᠳᠤ ᠪᠠᠶᠢᠴᠠᠭᠠᠯᠲᠠ ᠬᠢᠵᠡᠢ᠃      ᠭᠤᠷᠪᠠ ᠳᠤ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠬᠢᠨᠠᠨ ᠡᠵᠡᠮᠳᠡᠬᠦ ᠶᠢ ᠴᠢᠩᠭᠠᠳᠬᠠᠵᠤ᠂ ᠬᠤᠳᠠᠯ ᠬᠠᠭᠤᠷᠮᠠᠭ ᠲᠣᠭᠲᠠᠭᠠᠯ ᠠᠴᠠ ᠵᠥᠷᠢᠴᠡᠭᠰᠡᠨ ᠤᠬᠠᠭᠤᠯᠭ᠎ᠠ ᠳᠤ ᠴᠣᠬᠢᠯᠲᠠ ᠥᠭᠪᠡ᠃ ᠪᠠᠶᠢᠴᠠᠭᠠᠬᠤ ᠶᠠᠪᠤᠴᠠ ᠳᠤ ᠡᠵᠡᠩᠨᠡᠭᠴᠢᠳ ᠲᠤ᠂ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠳᠡᠭᠡᠨ ᠠᠵᠢᠯᠯᠠᠭ᠎ᠠ ᠶᠢᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠦᠨᠡᠨ ᠪᠣᠳᠠᠲᠠᠢ ᠣᠨᠣᠪᠴᠢᠲᠠᠶ᠂ ᠢᠯᠡ ᠲᠣᠳᠣᠷᠬᠠᠢ ᠢᠯᠡᠳᠬᠡᠬᠦ᠂ ᠬᠤᠳᠠᠯ ᠬᠠᠭᠤᠷᠮᠠᠭ ᠬᠤᠳᠠᠯᠳᠤᠭᠠᠨ ᠤ ᠮᠡᠳᠡᠭᠡ ᠵᠠᠩᠭᠢ᠂ ᠬᠤᠳᠠᠯ ᠬᠠᠭᠤᠷᠮᠠᠭ ᠠᠷᠠᠯᠵᠢᠶ᠎ᠠ ᠪᠤᠶᠤ ᠦᠨᠡᠯᠡᠯᠲᠡ ᠬᠢᠬᠦ ᠵᠡᠷᠭᠡ ᠠᠷᠭ᠎ᠠ ᠮᠠᠶ᠋ᠢᠭ ᠢ ᠠᠰᠢᠭᠯᠠᠨ ᠬᠤᠳᠠᠯ ᠬᠠᠭᠤᠷᠮᠠᠭ ᠪᠤᠶᠤ ᠬᠥᠮᠥᠨ ᠢ ᠠᠳᠡᠭᠦᠷᠡᠭᠦᠯᠬᠦ ᠬᠤᠳᠠᠯᠳᠤᠭᠠᠨ ᠤ ᠤᠬᠠᠭᠤᠯᠭ᠎ᠠ ᠬᠢᠵᠦ ᠪᠣᠯᠬᠤ ᠦᠭᠡᠢ᠂ ᠤᠤᠯ ᠦᠨ᠎ᠡ᠂ ᠬᠤᠳᠠᠯ ᠬᠠᠭᠤᠷᠮᠠᠭ ᠬᠠᠷᠠᠭᠠᠯᠵᠠᠯ ᠤᠨ ᠨᠤᠭᠤᠯᠤᠨ ᠪᠣᠳᠣᠯᠲᠠ ᠬᠢᠵᠦ ᠬᠡᠷᠡᠭᠯᠡᠭᠴᠢᠳ ᠪᠤᠶᠤ ᠬᠤᠯᠪᠣᠭᠳᠠᠯ ᠪᠦᠬᠦᠢ ᠣᠯᠠᠨ ᠨᠡᠶᠢᠲᠡ ᠶᠢ ᠬᠠᠭᠤᠷᠤᠨ ᠮᠡᠬᠡᠯᠡᠵᠦ ᠪᠤᠷᠤᠭᠤ ᠵᠦᠭ ᠬᠥᠲᠥᠯᠵᠦ ᠪᠣᠯᠬᠤ ᠦᠭᠡᠢ  ᠭᠡᠵᠦ ᠰᠠᠨᠠᠭᠤᠯᠪᠠ᠃      ᠣᠲᠣ ᠪᠣᠯᠲᠠᠯ᠎ᠠ᠂ ᠢᠳᠡᠭᠡᠨ ᠤ ᠵᠦᠢᠯ ᠤᠨ ᠡᠵᠡᠩᠨᠡᠯᠲᠡ ᠶᠢᠨ 915 ᠡᠷᠦᠬᠡ᠂ ᠡᠮ ᠤᠨ ᠳᠡᠯᠭᠡᠭᠦᠷ 138 ᠡᠷᠦᠬᠡ᠂ ᠲᠣᠮᠣ ᠳᠤᠮᠳᠠ ᠬᠡᠯᠪᠡᠷᠢ ᠶᠢᠨ ᠬᠡᠲᠦ ᠳᠡᠯᠭᠡᠭᠦᠷ 57 ᠡᠷᠦᠬᠡ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ 20 ᠡᠷᠦᠬᠡ ᠶᠢ ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠠᠷᠤᠶᠢᠬᠠᠨ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ᠂ ᠲᠣᠭᠲᠠᠭᠠᠯ ᠳᠤ ᠨᠡᠶᠢᠴᠡᠭᠦᠯᠦᠨ ᠡᠵᠡᠩᠨᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ