| ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠢᠷᠭᠤᠳᠤᠭᠠᠷ ᠪᠦᠯᠦᠭ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢ ᠨᠡᠶᠢᠲᠡᠯᠡᠬᠦ ᠲᠤᠬᠠᠶ ᠮᠡᠳᠡᠭᠳᠡᠯ︾ ᠢ | ᠨᠡᠶᠢᠲᠡᠯᠡᠪᠡ᠃ ᠡᠭᠦᠨ ᠤ ᠳᠣᠲᠣᠷ᠎ᠠ ᠰᠦᠩᠱᠠᠨ ᠲᠣᠭᠤᠷᠢᠭ ᠤᠨ ᠥᠩᠭᠡᠲᠦ ᠸᠠᠭᠠᠷ ᠤᠨ ᠪᠠᠯ ᠤᠨ ᠪᠠᠭᠤᠷᠢ ᠨᠢ ᠨᠡᠷᠡᠰ ᠤᠨ ᠵᠢᠭᠰᠠᠭᠠᠯᠲᠠ ᠳᠤ ᠤᠷᠤᠭᠰᠠᠨ ᠪᠠᠶᠢᠨ᠎ᠠ᠃ | ᠰᠦᠩᠱᠠᠨ ᠲᠣᠭᠤᠷᠢᠭ ᠤᠨ ᠥᠩᠭᠡᠲᠦ ᠸᠠᠭᠠᠷ ᠤᠨ ᠪᠠᠯ ᠤᠨ ᠪᠠᠭᠤᠷᠢ ᠨᠢ ᠠᠩᠴᠢᠨ ᠪᠠᠯᠭᠠᠰᠤᠨ ᠤ ᠾᠧ ᠡᠤ ᠰᠦ ᠠᠶᠢᠯ ᠳᠤ ᠪᠣᠶ᠂ ᠪᠣᠳᠠᠲᠠᠶ ᠮᠠᠯᠲᠠᠵᠤ | ᠭᠠᠷᠭᠠᠭᠰᠠᠨ ᠲᠠᠯᠠᠪᠠᠶ ᠨᠢ 1300 ᠭᠠᠷᠤᠶ ᠲᠡᠭᠰᠢ ᠳᠥᠷᠪᠡᠯᠵᠢᠨ ᠮᠧᠲᠷ ᠪᠠᠶᠢᠵᠤ᠂ ᠮᠠᠯᠲᠠᠵᠤ ᠭᠠᠷᠭᠠᠭᠰᠠᠨ ᠣᠷᠣᠨ ᠢ ᠡᠮᠦᠨ᠎ᠡ ᠤᠮᠠᠷ᠎ᠠ ᠬᠤᠶᠠᠷ ᠤᠷᠤᠨ ᠬᠤᠪᠢᠶᠠᠵᠤ | ᠂ ᠨᠡᠶᠢᠲᠡ 22 ᠬᠡᠷ ᠪᠠᠶᠢᠰᠢᠩ᠂ 22 ᠦᠨᠡᠰᠦᠨ ᠨᠦᠬᠡ᠂ 5 ᠵᠤᠤᠬ᠎ᠠ ᠶᠢ ᠢᠯᠡᠷᠡᠭᠦᠯᠵᠦ᠂ ᠮᠠᠯᠲᠠᠵᠤ ᠭᠠᠷᠭᠠᠭᠰᠠᠨ ᠸᠠᠭᠠᠷ ᠤᠨ ᠰᠠᠪᠠ᠂ ᠴᠢᠯᠠᠭᠤᠨ ᠪᠠᠭᠠᠵᠢ᠂ | ᠶᠠᠰᠤᠨ ᠪᠠᠭᠠᠵᠢ᠂ ᠬᠢᠰᠤᠭ᠎ᠠ ᠶᠢᠨ ᠰᠠᠪᠠ ᠵᠡᠷᠭᠡ ᠶᠢ ᠨᠡᠶᠢᠲᠡ 200 ᠭᠠᠷᠤᠶ ᠢᠯᠡᠷᠡᠭᠦᠯᠦᠭᠰᠡᠨ ᠪᠠᠶᠢᠨ᠎ᠠ᠃ | F2᠂ F15 ᠵᠢᠴᠢ ᠯᠣᠣ ᠶᠢᠨ ᠬᠡᠯᠪᠡᠷᠢᠲᠦ ᠬᠢᠰᠤᠭ᠎ᠠ ᠶᠢᠨ ᠴᠢᠮᠡᠭᠯᠡᠯ ᠪᠣᠯ ᠥᠩᠭᠡᠲᠦ ᠸᠠᠭᠠᠷ ᠤᠨ ᠪᠠᠯ ᠤᠨ ᠪᠠᠭᠤᠷᠢ ᠠᠴᠠ ᠣᠯᠳᠠᠭᠰᠠᠨ ᠬᠠᠮᠤᠭ ᠶᠡᠭᠡ | ᠣᠯᠤᠯᠲᠠ ᠶᠤᠮ᠂ ᠯᠣᠣ ᠶᠢᠨ ᠬᠡᠯᠪᠡᠷᠢᠲᠦ ᠬᠢᠰᠤᠭ᠎ᠠ ᠶᠢᠨ ᠴᠢᠮᠡᠭᠯᠡᠯ ᠨᠢ ᠥᠩᠭᠡᠷᠡᠭᠰᠡᠨ ᠤ ᠢᠯᠡᠷᠡᠭᠦᠯᠦᠭᠰᠡᠨ ᠬᠤᠩᠱᠠᠨ ᠰᠣᠶᠣᠯ ᠤᠨ ᠡᠪᠬᠡᠮᠡᠯ ᠬᠡᠯᠪᠡᠷᠢ ᠲᠠᠢ ᠯᠣᠣ ᠶᠢᠨ | ᠳᠦᠷᠢ ᠠᠴᠠ ᠢᠯᠭᠠᠭᠳᠠᠬᠤ ᠪᠥᠭᠡᠳ ᠣᠳᠣ ᠪᠣᠯᠲᠠᠯᠠᠬᠢ ᠬᠤᠩᠱᠠᠨ ᠰᠣᠶᠣᠯ ᠤᠨ ᠢᠯᠡᠷᠡᠭᠦᠯᠦᠭᠰᠡᠨ ᠬᠠᠮᠤᠭ ᠡᠷᠲᠡᠨ ᠤ ᠯᠣᠣ ᠪᠠᠶᠢᠵᠤ᠂ ᠴᠢᠬᠤᠯᠠ ᠠᠴᠢ | ᠬᠤᠯᠪᠣᠭᠳᠠᠯ ᠲᠠᠢ ᠪᠠᠶᠢᠵᠤ᠂ ᠡᠷᠳᠡᠮ ᠰᠢᠨᠵᠢᠯᠡᠭᠡᠨ ᠤ ᠬᠢᠨ ᠤ ᠥᠷᠭᠡᠨ ᠳᠡᠯᠭᠡᠷ ᠶᠠᠷᠢᠯᠴᠠᠭ᠎ᠠ ᠶᠢ ᠡᠭᠦᠰᠭᠡᠭᠰᠡᠨ ᠪᠠᠶᠢᠨ᠎ᠠ᠃ F2 ᠣᠷᠣᠨ ᠰᠠᠭᠤᠴᠠ ᠨᠢ ᠡᠮᠦᠨ᠎ᠡ᠂ | ᠤᠮᠠᠷ᠎ᠠ ᠬᠤᠶᠠᠷ ᠦᠷᠦᠭᠡ ᠪᠠᠷ ᠪᠦᠷᠢᠯᠳᠦᠵᠦ᠂ ᠬᠤᠶᠢᠲᠤ ᠦᠷᠦᠭᠡ ᠶᠢᠨ ᠪᠠᠷᠠᠭᠤᠨ ᠬᠡᠷᠡᠮ ᠠᠴᠠ ᠵᠡᠭᠦᠨᠰᠢ 1.9 ᠮᠧᠲᠷ ᠤᠨ ᠤᠷᠳᠤ ᠳᠥᠷᠪᠡᠯᠵᠢᠨ ᠣᠷᠣᠨ | ᠳᠣᠲᠣᠷ᠎ᠠ ᠠᠴᠠ ᠵᠢᠮ᠎ᠡ ᠶᠣᠰᠣ ᠪᠠᠷ ᠵᠢᠭᠰᠠᠭᠠᠭᠰᠠᠨ ᠨᠡᠭᠦᠷᠡᠰᠦᠲᠥ᠋ᠷᠥᠭᠴᠢᠲᠦ ᠬᠥᠨᠳᠡᠯᠡᠨ ᠮᠣᠳᠣᠨ ᠤ ᠦᠯᠡᠳᠡᠭᠳᠡᠯ ᠢ ᠢᠯᠡᠷᠡᠭᠦᠯᠵᠡᠶ᠂ ᠲᠤᠰ ᠣᠷᠣᠨ ᠰᠠᠭᠤᠴᠠ ᠶᠢᠨ | ᠲᠠᠯᠠᠪᠠᠢ ᠨᠢ ᠶᠡᠭᠡ᠂ ᠣᠷᠣᠨ ᠰᠠᠭᠤᠴᠠ ᠶᠢᠨ ᠬᠡᠯᠪᠡᠷᠢ ᠨᠢ ᠣᠨᠴᠠᠭᠠᠶᠢᠯᠠᠨ ᠬᠤᠩᠱᠠᠨ ᠤ ᠰᠣᠶᠣᠯ ᠤᠨ ᠣᠷᠣᠨ ᠰᠠᠭᠤᠴᠠ ᠶᠢᠨ ᠬᠡᠯᠪᠡᠷᠢ᠂ ᠴᠢᠳᠠᠮᠵᠢ ᠶᠢᠨ ᠬᠤᠪᠢᠶᠠᠷᠢ | ᠣᠷᠣᠨ ᠵᠢᠴᠢ ᠨᠡᠶᠢᠭᠡᠮ ᠤᠨ ᠬᠡᠯᠪᠡᠷᠢ ᠪᠠᠶᠢᠳᠠᠯ ᠤᠨ ᠬᠤᠪᠢᠷᠠᠯᠲᠠ ᠶᠢ ᠰᠤᠳᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ F15 ᠪᠣᠯ ᠨᠢᠭᠡᠨ ᠬᠤᠩᠱᠠᠨ | ᠰᠣᠶᠣᠯ ᠤᠨ ᠳᠤᠮᠳᠠ ᠬᠡᠯᠪᠡᠷᠢ ᠶᠢᠨ ᠣᠷᠣᠨ ᠰᠠᠭᠤᠴᠠ ᠪᠠᠶᠢᠵᠤ᠂ ᠰᠢᠪᠠᠷ ᠬᠡᠷᠡᠮ᠂ ᠣᠷᠣᠨ ᠰᠠᠭᠤᠴᠠ ᠶᠢᠨ ᠭᠠᠳᠠᠷᠭᠤ ᠵᠢᠴᠢ ᠬᠡᠲᠦ ᠲᠣᠮᠣ ᠬᠡᠯᠪᠡᠷᠢ ᠶᠢᠨ ᠰᠢᠬᠦᠷ | ᠬᠡᠯᠪᠡᠷᠢᠲᠦ ᠵᠤᠤᠬ᠎ᠠ ᠶᠢ ᠬᠠᠳᠠᠭᠠᠯᠠᠵᠤ ᠪᠣᠶ᠃ | |