| ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ ᠬᠦᠴᠦᠷᠬᠡᠭᠵᠢᠭᠦᠯᠦᠨ ᠴᠤᠤᠷᠢᠶᠠᠲᠤᠭᠤᠯᠬᠤ ᠪᠠᠷ | ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ ᠪᠣᠯᠭᠠᠵᠤ᠂ ᠠᠵᠤ ᠠᠬᠤᠶᠢᠯᠠᠯ ᠢ ᠢᠳᠡᠪᠬᠢᠲᠡᠢ ᠬᠦᠳᠦᠯᠦᠨ | ᠵᠢᠯᠣᠭᠤᠳᠴᠤ ᠪᠠᠶᠢᠭᠠᠳ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠪᠠ ᠡᠳ᠋ᠰᠢᠭᠦᠯᠬᠦ ᠭᠤᠭᠴᠤᠭ᠎ᠠ ᠶᠢ ᠰᠢᠨ᠎ᠡ ᠬᠡᠯᠪᠡᠷᠢ ᠶᠢᠨ᠂ ᠥᠨᠳᠥᠷ ᠪᠦᠲᠦᠮᠵᠢᠲᠡᠢ᠂ | ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠴᠢᠭᠯᠡᠯ ᠲᠡᠰᠢ ᠬᠥᠭᠵᠢᠭᠦᠯᠵᠦ᠂ ᠠᠮᠤᠷ ᠲᠦᠪᠰᠢᠨ᠂ ᠪᠣᠬᠢᠷᠲᠤᠯ ᠦᠭᠡᠢ᠂ ᠡᠷᠡᠭᠦᠯ ᠰᠠᠷᠠᠭᠤᠯ | ᠪᠦᠲᠦᠭᠡᠭᠳᠡᠬᠦᠨ ᠢ ᠡᠭᠦᠳᠴᠦ᠂ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ ᠪᠤᠶᠢᠵᠢᠭᠤᠯᠬᠤ ᠪᠠ ᠬᠥᠭᠵᠢᠭᠦᠯᠬᠦ ᠳᠤ ᠰᠠᠭᠤᠷᠢ ᠶᠢ ᠪᠠᠬᠢᠵᠢᠭᠦᠯᠪᠡ᠃ | ᠤᠯᠠᠭᠠᠨᠬᠠᠳᠠ ᠬᠤᠲᠠ ᠶᠢᠨ ᠣᠨᠴᠠᠯᠢᠭᠲᠤ ᠢᠳᠡᠭᠡᠨ ᠪᠣᠯᠤᠭᠰᠠᠨ ᠤ ᠬᠤᠪᠢ ᠳᠤ᠂ ᠤᠯᠠᠭᠠᠨᠬᠠᠳᠠ ᠶᠢᠨ ᠬᠠᠪᠴᠢᠮᠠᠯ ᠪᠤᠤᠪᠤ ᠨᠢ ︽ᠨᠤᠲᠤᠭ ᠤᠨ ᠦᠨᠦᠷ ᠠᠮᠲᠠ︾ | ᠶᠢᠨ ᠲᠥᠯᠥᠭᠡᠯᠡᠭᠴᠢ ᠪᠣᠯᠬᠤ ᠪᠠᠷ ᠪᠠᠷᠠᠬᠤ ᠦᠭᠡᠢ᠂ ᠨᠡᠩ ᠴᠤ ᠣᠷᠣᠨ ᠪᠦᠰᠡ ᠶᠢᠨ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠳᠤ ᠥᠪᠡᠷᠮᠢᠴᠡ | ᠣᠨᠴᠠᠯᠢᠭ ᠲᠠᠢ ᠪᠠᠶᠢᠳᠠᠭ᠃ ᠰᠦᠩᠱᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠲᠠᠯ᠎ᠠ ᠨᠤᠲᠤᠭ ᠤᠨ ᠬᠠᠨ ᠲᠠᠩ | ᠢᠳᠡᠭᠡᠨ ᠤ ᠬᠢᠵᠠᠭᠠᠷᠲᠤ ᠺᠣᠮᠫᠠᠨᠢ 6000 ᠲᠡᠭᠰᠢ ᠳᠥᠷᠪᠡᠯᠵᠢᠨ ᠮᠧᠲᠷ ᠤᠨ ᠤᠯᠠᠭᠠᠨᠬᠠᠳᠠ ᠶᠢᠨ ᠬᠠᠪᠴᠢᠮᠠᠯ ᠪᠤᠤᠪᠤ ᠶᠢᠨ ᠲᠤᠰᠬᠠᠶ ᠮᠡᠷᠭᠡᠵᠢᠯ ᠤᠨ ᠰᠤᠳᠤᠯᠤᠨ | ᠨᠡᠭᠡᠭᠡᠬᠦ ᠲᠥᠪ ᠪᠣᠯᠤᠨ ᠪᠠᠺᠲ᠋ᠧᠷᠢ ᠦᠭᠡᠶ ᠤᠷᠤᠰᠤᠯ ᠱᠤᠭᠤᠮ ᠤᠨ ᠦᠢᠯᠡᠳᠪᠦᠷᠢᠯᠡᠯ ᠤᠨ ᠲᠠᠰᠤᠭ ᠢ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ | ᠺᠣᠮᠫᠠᠨᠢ ᠶᠢᠨ ᠡᠳᠦᠷ ᠤᠨ ᠭᠠᠷᠤᠯᠲᠠ 10 ᠲᠦᠮᠡ᠂ ᠤᠲᠤᠮᠠᠯ ᠮᠢᠬᠠᠨ ᠤ ᠪᠦᠲᠦᠭᠡᠭᠳᠡᠬᠦᠨ 3 ᠲᠣᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠪᠡ᠃ ᠪᠣᠳᠠᠲᠤ | ᠴᠣᠭᠴᠠ ᠶᠢᠨ ᠳᠡᠯᠭᠡᠭᠦᠷ ᠲᠤ ᠪᠣᠷᠣᠯᠠᠭᠤᠯᠤᠭᠳᠠᠬᠤ ᠠᠴᠠ ᠭᠠᠳᠠᠨ᠎ᠠ᠂ ᠡᠲᠡᠭᠡᠷ ᠬᠠᠪᠴᠢᠮᠠᠯ ᠪᠤᠤᠪᠤ ᠪᠠᠰᠠ ᠰᠦᠯᠵᠢᠶᠡᠨ ᠳᠡᠭᠡᠷ᠎ᠡ ᠪᠥᠬᠦ ᠤᠯᠤᠰ ᠤᠨ ᠡᠯ᠎ᠡ ᠭᠠᠵᠠᠷ ᠲᠤ | ᠪᠤᠷᠤᠯᠠᠭᠤᠯᠤᠭᠳᠠᠨᠠ᠃ | 2023 ᠣᠨ ᠳᠤ᠂ ᠰᠦᠩᠱᠠᠨ ᠲᠣᠭᠤᠷᠢᠭ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ | ᠠᠪᠴᠢᠷᠠᠵᠤ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠪᠠ᠃ ᠣᠲᠣ ᠪᠣᠯᠲᠠᠯ᠎ᠠ᠂ ᠪᠥᠬᠦ ᠲᠣᠭᠤᠷᠢᠭ ᠤᠨ ᠪᠣᠷᠣᠯᠠᠭᠤᠯᠤᠯᠲᠠ ᠶᠢᠨ | ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ 69 | ᠪᠠᠶᠢᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ | 24 ᠪᠠᠶᠢᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ | 5 ᠪᠠᠶᠢᠵᠤ᠂ 8 ᠲᠦᠮᠡᠨ ᠲᠠᠷᠢᠶᠠᠴᠢᠨ ᠡᠷᠦᠬᠡ ᠶᠢ ᠳᠠᠶᠢᠴᠢᠯᠠᠨ ᠲᠣᠭᠲᠠᠭᠤᠨ ᠢᠶᠠᠷ ᠠᠵᠢᠯ ᠣᠯᠭᠤᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 75% ᠳᠤ ᠬᠦᠷᠦᠭᠦᠯᠬᠦ ᠶᠢ ᠠᠬᠢᠭᠤᠯᠪᠠ᠃ ᠢᠳᠡᠰᠢᠨ ᠨᠣᠭᠤᠭ᠎ᠠ᠂ ᠵᠢᠮᠢᠰ᠂ ᠲᠥᠮᠥᠰᠥ᠂ ᠬᠢᠲᠠᠳ ᠡᠮ ᠤᠨ ᠮᠠᠲ᠋ᠧᠷᠢᠶᠠᠯ | ᠵᠡᠷᠭᠡ ᠲᠥᠷᠥᠯ ᠵᠦᠢᠯ ᠤᠨ ᠲᠣᠭᠤᠷᠢᠨ ᠳᠤ᠂ ᠰᠦᠩᠱᠠᠨ ᠲᠣᠭᠤᠷᠢᠭ ᠨᠢ ︽ᠴᠦᠨ ᡁᠢ︾ ᠢᠳᠡᠰᠢᠨ ᠨᠣᠭᠤᠭ᠎ᠠ᠂ ︽ᠰᠢᠶᠣᠤ ᠮᠢᠶᠤᠤ ᠽᠢ ᠲᠣᠰᠬᠤᠨ︾ ᠤ | ᠬᠢᠲᠠᠳ ᠡᠮ ᠤᠨ ᠮᠠᠲ᠋ᠧᠷᠢᠶᠠᠯ᠂ ︽ᠲᠩᠷᠢ ᠶᠢᠨ ᠴᠢᠷᠠᠢ ᠶᠢ ᠲᠦᠰᠢᠭᠯᠡᠵᠦ ᠬᠤᠷᠢᠶᠠᠬᠤ︾ ︽ᠬᠠᠭᠤᠴᠢᠨ ᠠᠭᠤᠯᠠᠷᠬᠠᠭ ᠤᠷᠤᠨ︾ ︽ᠰᠢᠨ ᠭᠦ᠋ ᠰᠢᠶᠠᠩ︾ ︽ | ᠳᠣᠬᠢᠭᠤᠷ ᠳᠣᠯᠣᠭᠠᠨ ᠣᠳᠣ︾ ︽ᠵᠢᠶᠦ᠋ᠨ ᠯᠢ ᠹᠧᠩ︾ ᠨᠠᠷᠢᠮᠤ ᠡᠯᠳᠡᠪ ᠠᠮᠤ ᠡᠯᠳᠡᠪ ᠪᠤᠷᠴᠠᠭ ᠵᠡᠷᠭᠡ ᠨᠢᠭᠡ ᠪᠦᠯᠦᠭ ᠨᠡᠯᠢᠶᠡᠳ ᠴᠢᠩᠭ᠎ᠠ ᠥᠷᠢᠰᠥᠯᠳᠦᠬᠦ | ᠬᠦᠴᠦᠨ ᠲᠠᠢ ᠣᠷᠣᠨ ᠪᠦᠰᠡ ᠶᠢᠨ ᠴᠢᠨᠠᠷᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠤᠨ | ᠬᠦᠭᠵᠢᠭᠦᠯᠪᠡ᠃ | ᠣᠲᠣ ᠪᠣᠯᠲᠠᠯ᠎ᠠ᠂ ᠰᠦᠩᠱᠠᠨ ᠲᠣᠭᠤᠷᠢᠭ ᠲᠠᠷᠢᠶᠠᠯᠠᠩ ᠤᠨ ᠪᠦᠲᠦᠭᠡᠭᠳᠡᠬᠦᠨ ᠢ 49 ᠭᠡᠷᠡᠴᠢᠯᠡᠵᠦ᠂ ᠡᠭᠦᠨ ᠳᠤ ᠪᠣᠬᠢᠷᠲᠤᠯ ᠥᠬᠡᠶ ᠢᠳᠡᠭᠡᠨ ᠤ ᠭᠡᠷᠡᠴᠢᠯᠡᠯ | 39᠂ ᠭᠠᠵᠠᠷ ᠵᠦᠶ ᠶᠢᠨ ᠢᠯᠭᠠᠬᠤ ᠲᠡᠮᠳᠡᠭ ᠤᠨ ᠲᠠᠷᠢᠶᠠᠯᠠᠩ ᠤᠨ ᠪᠦᠲᠦᠭᠡᠭᠳᠡᠬᠦᠨ 1 ︵ᠰᠢᠶᠠ ᠵᠢᠶᠠ ᠳ᠋ᠢᠶᠠᠨ ᠨᠠᠷᠢᠮᠤ︶᠂ ᠨᠠᠷᠠᠲᠤ ᠣᠨᠴᠠ ᠰᠢᠯᠢᠳᠡᠭ ᠰᠢᠨ᠎ᠡ | ᠲᠠᠷᠢᠶᠠᠯᠠᠩ ᠤᠨ ᠪᠦᠲᠦᠭᠡᠭᠳᠡᠬᠦᠨ 9 ᠪᠣᠶ᠃ ︽ᠮᠧᠩ ᠧᠨ ᠲᠠᠢ︾ ᠰᠢᠬᠢᠷᠯᠢᠭ ᠰᠢᠯᠦᠬᠡᠢ ᠡᠷᠳᠡᠨᠢ ᠰᠢᠰᠢ᠂ ︽ᠲᠠᠶᠢᠪᠤᠩ ᠴᠠᠰᠤ︾ ᠴᠠᠭᠠᠨ ᠰᠢᠬᠢᠷ᠂ ︽ᠮᠧᠩ | ᠰᠧᠨ︾ ᠴᠠᠷᠳᠠᠭᠤᠯ᠂ ︽ᠪᠦᠦ ᠯᠦᠩ ᠱᠠᠨ︾ ᠬᠠᠷ᠎ᠠ ᠠᠷᠢᠬᠢ ᠵᠡᠷᠭᠡ ᠨᠢᠭᠡ ᠪᠦᠯᠦᠭ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭ ᠨᠢ ᠰᠦᠩᠱᠠᠨ ᠤ ᠡᠬᠡ ᠭᠠᠵᠠᠷ ᠲᠤ ᠪᠠᠳᠠᠷᠠᠨ ᠳᠡᠯᠭᠡᠷᠡᠵᠦ᠂ ︽ᠵᠢᠶᠠᠩ ᠵᠢᠶᠠ ᠡᠭᠡᠴᠢ ᠳᠡᠭᠦᠦ︾ ᠮᠠᠨᠵᠢᠨ᠂ | ︽ᠰᠢᠶᠠᠩ ᠹᠧᠩ︾ ᠰᠢᠷ᠎ᠠ ᠨᠠᠷᠢᠮᠤ᠂ ︽ᠲᠠᠪᠤᠨ ᠥᠩᠭᠡ︾ ᠰᠢᠬᠢᠷᠯᠢᠭ ᠰᠢᠯᠦᠬᠡᠢ ᠡᠷᠳᠡᠨᠢ ᠰᠢᠰᠢ ᠵᠡᠷᠭᠡ ᠪᠦᠲᠦᠭᠡᠭᠳᠡᠬᠦᠨ ᠨᠢ ᠳᠤᠮᠳᠠᠳᠤ ᠤᠯᠤᠰ ᠤᠨ ᠪᠣᠬᠢᠷᠲᠤᠯ | ᠥᠬᠡᠶ ᠢᠳᠡᠭᠡᠨ ᠤ ᠦᠵᠡᠰᠬᠦᠯᠡᠩ ᠤᠨ ᠠᠯᠲᠠᠨ ᠱᠠᠩᠨᠠᠯ ᠢ ᠬᠦᠷᠲᠡᠪᠡ᠃ ᠡᠭᠦᠨ ᠤ ᠬᠠᠮᠲᠤ᠂ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠰᠦᠩᠱᠠᠨ ᠲᠣᠭᠤᠷᠢᠭ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ︽ | ᠤᠯᠠᠭᠠᠨᠬᠠᠳᠠ ᠶᠢᠨ ᠰᠠᠶᠢᠨ ᠪᠣᠳᠠᠰ ᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠳᠤ ᠣᠷᠣᠯᠴᠠᠬᠤ᠂ ︽ᠰᠦᠩᠱᠠᠨ ᠤ ᠰᠢᠯᠢᠳᠡᠭ ᠰᠣᠩᠭᠤᠯᠲᠠ︾ ᠶᠢᠨ | ᠲᠠᠷᠢᠶᠠᠯᠠᠩ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ ᠶᠢ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠦᠩᠱᠠᠨ | ᠲᠣᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠵᠠᠬ᠎ᠠ ᠳᠡᠯᠭᠡᠭᠦᠷ ᠲᠤ ᠨᠠᠩ ᠥᠨᠳᠥᠷ ᠠᠩᠬᠠᠷᠤᠯ ᠲᠠᠯᠪᠢᠵᠤ᠂ ᠲᠠᠷᠢᠶᠠᠯᠠᠩ ᠤᠨ ᠴᠢᠨᠠᠷ | ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠠᠬᠢᠭᠤᠯᠪᠠ᠃ | |