2023 ᠣᠨ ᠳᠤ ᠠᠤᠬᠠᠨ ᠬᠤᠰᠢᠭᠤᠨ ᠤ ᠠᠮᠤ ᠪᠤᠳᠠᠭᠠᠨ ᠤ ᠶᠡᠷᠦᠩᠬᠡᠢ ᠤᠨᠠᠯᠲᠠ 20 ᠳ᠋ᠦᠩᠰᠢᠭᠤᠷ ᠵᠢᠩ ᠢ ᠳᠠᠪᠠᠪᠠ
ᠨᠡᠶᠢᠲᠡᠯᠡᠭᠰᠡᠨ ᠴᠠᠭ᠄
2024/1/22
    ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠤᠬᠠᠨ ᠤ ᠪᠠᠶᠢᠴᠠᠭᠠᠯᠲᠠ ᠶᠢᠨ ᠠᠩᠭᠢ ᠶᠢᠨ ᠲᠤᠬᠠᠶ ᠶᠢᠨ ᠭᠠᠵᠠᠷ ᠤᠨ ᠪᠠᠶᠢᠴᠠᠭᠠᠯᠲᠠ ᠪᠠ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠬᠢᠨᠠᠨ ᠲᠣᠭᠲᠠᠭᠠᠭᠰᠠᠨ ᠬᠠᠷᠢᠭᠤ ᠲᠤᠰᠬᠠᠭᠰᠠᠨ ᠲᠤᠭ᠎ᠠ ᠪᠠᠷᠢᠮᠲᠠ ᠠᠴᠠ ᠦᠵᠡᠪᠡᠯ᠂ 2023 ᠣᠨ ᠳᠤ ᠠᠤᠬᠠᠨ ᠬᠤᠰᠢᠭᠤᠨ ᠤ ᠠᠮᠤ ᠪᠤᠳᠠᠭᠠᠨ ᠤ ᠶᠡᠷᠦᠩᠬᠡᠶ ᠭᠠᠷᠤᠯᠲᠠ 20.65 ᠳ᠋ᠦᠩᠰᠢᠭᠤᠷ ᠵᠢᠩ ᠳᠤ ᠬᠦᠷᠴᠦ᠂ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃    ᠠᠤᠬᠠᠨ ᠬᠤᠰᠢᠭᠤ ᠨᠢ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠪᠣᠯᠤᠭᠰᠠᠨ ᠤ ᠬᠤᠪᠢ ᠳᠤ᠂ ︽ᠬᠤᠭᠤᠯᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠷᠢᠬᠤ︾ ᠬᠠᠷᠠᠯᠲᠠ ᠶᠢ ᠢᠮᠠᠭᠲᠠ ᠪᠠᠷᠢᠮᠲᠠᠯᠠᠨ ᠪᠠᠲᠤ ᠪᠠᠬᠢ ᠪᠠᠶᠢᠭᠤᠯᠵᠤ᠂ ᠬᠠᠭᠤᠷᠠᠶ ᠲᠠᠷᠢᠶᠠᠯᠠᠩ ᠤᠨ ᠪᠣᠯᠪᠠᠰᠤᠨ ᠬᠢᠭᠡᠳ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠠᠭᠤᠰᠤᠯᠴᠠᠭᠤᠯᠬᠤ ᠴᠠᠭ ᠦᠶ᠎ᠡ ᠶᠢᠨ ᠠᠯᠬᠤᠮ ᠢ ᠠᠯᠬᠤᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠰᠢᠨ᠎ᠡ ᠬᠤᠪᠢ ᠨᠡᠮᠡᠷᠢ ᠦᠵᠡᠭᠦᠯᠪᠡ᠃ ᠪᠠᠶᠢᠴᠠᠭᠠᠯᠲᠠ ᠶᠢ ᠦᠨᠳᠦᠰᠦᠯᠡᠪᠡᠯ᠂ ᠪᠥᠬᠦ ᠬᠤᠰᠢᠭᠤᠨ ᠤ ᠡᠷᠳᠡᠨᠢ ᠰᠢᠰᠢ ᠶᠢᠨ ᠲᠠᠯᠠᠪᠠᠶ 163.35 ᠲᠦᠮᠡᠨ ᠮᠥ ᠪᠠᠶᠢᠵᠤ᠂ 7.92%᠎ ᠢᠶᠠᠷ ᠨᠡᠮᠡᠭᠳᠡᠨ᠂ ᠤᠨᠠᠯᠲᠠ ᠨᠢ 15.32 ᠳ᠋ᠦᠩᠰᠢᠭᠤᠷ ᠵᠢᠩ ᠳᠤ ᠬᠦᠷᠴᠦ᠂ ᠠᠮᠤ ᠪᠤᠳᠠᠭᠠᠨ ᠤ ᠶᠡᠷᠦᠩᠬᠡᠶ ᠤᠨᠠᠯᠲᠠ ᠶᠢᠨ 74.2%᠎ ᠢ ᠡᠵᠡᠯᠡᠪᠡ᠃
ᠢᠷᠡᠯᠲᠡ᠄ ᠠᠤᠬᠠᠨ ᠬᠤᠰᠢᠭᠤ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ