ᠨᠢᠩᠴᠧᠩ ᠰᠢᠶᠠᠨ ᠤᠯᠠᠨ ᠠᠷᠭ᠎ᠠ ᠬᠡᠮᠵᠢᠶ᠎ᠡ ᠪᠠᠷ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ
ᠨᠡᠶᠢᠲᠡᠯᠡᠭᠰᠡᠨ ᠴᠠᠭ᠄
2024/1/22
      ᠨᠢᠭᠡ ᠳᠤ ︽ᠭᠤᠷᠪᠠᠳᠤᠭᠠᠷ ᠳᠡᠰ ᠤᠨ ᠬᠥᠬᠡ︾ ᠡᠮᠨᠡᠯᠭᠡ ᠶᠢᠨ ᠬᠤᠷᠢᠶ᠎ᠠ ᠶᠢ ᠡᠭᠦᠳᠪᠡ᠃ 2023 ᠣᠨ ᠤ 7 ᠰᠠᠷ᠎ᠠ ᠳᠤ᠂ ᠰᠢᠶᠠᠨ ᠤ ᠲᠥᠪ ᠡᠮᠨᠡᠯᠭᠡ ᠶᠢᠨ ᠬᠤᠷᠢᠶ᠎ᠠ ᠪᠠ ᠬᠤᠲᠠ ᠶᠢᠨ ᠮᠡᠳᠡᠷᠡᠯ ᠤᠨ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ ᠶᠢ ᠲᠣᠰ ᠲᠣᠰ ᠭᠤᠷᠪᠠᠳᠤᠭᠠᠷ ᠳᠡᠰ ᠤᠨ ᠬᠥᠬᠡ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ ᠭᠤᠷᠪᠠᠳᠤᠭᠠᠷ ᠳᠡᠰ ᠤᠨ ᠬᠥᠬᠡ ᠳᠡᠰ ᠤᠨ ᠲᠤᠰᠬᠠᠢ ᠡᠮᠨᠡᠯᠭᠡ ᠶᠢᠨ ᠬᠤᠷᠢᠶ᠎ᠠ ᠪᠣᠯᠭᠠᠨ ᠳᠡᠭᠡᠭᠰᠢᠯᠡᠭᠦᠯᠪᠡ᠂ ᠡᠭᠦᠨ ᠤ ᠳᠡᠭᠡᠷ᠎ᠡ ᠨᠢᠭᠡᠨᠲᠡ ᠪᠠᠶᠢᠭ᠎ᠠ ᠭᠤᠷᠪᠠᠳᠤᠭᠠᠷ ᠳᠡᠰ ᠤᠨ ᠬᠥᠬᠡ ᠳᠡᠰ ᠤᠨ ᠨᠢᠩᠴᠧᠩ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠨᠡᠮᠡᠪᠡᠯ᠂ ᠨᠢᠩᠴᠧᠩ ᠰᠢᠶᠠᠨ ᠨᠢ ᠪᠥᠬᠦ ᠣᠷᠣᠨ ᠤ ᠴᠣᠷ ᠤᠨ ᠭᠠᠭᠴᠠ ︽ᠭᠤᠷᠪᠠᠳᠤᠭᠠᠷ ᠳᠡᠰ ᠤᠨ ᠬᠥᠬᠡ︾ ᠡᠮᠨᠡᠯᠭᠡ ᠶᠢᠨ ᠬᠤᠷᠢᠶ᠎ᠠ ᠲᠠᠢ ᠬᠤᠰᠢᠭᠤ ᠰᠢᠶᠠᠨ ᠪᠣᠯᠤᠨ᠎ᠠ᠃      ᠬᠤᠶᠠᠷ ᠲᠤ ︽ᠰᠢᠪᠲᠤᠯᠤᠯᠲᠠ︾᠎ ᠶᠢ ᠰᠦᠪᠡᠭᠴᠢᠯᠡᠨ᠎ᠡ᠃ 2022 ᠣᠨ ᠤ ᠪᠥᠬᠦ ᠤᠯᠤᠰ ᠤᠨ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠳᠤ᠂ ᠰᠢᠶᠠᠨ ᠤ ᠱᠠᠲᠤᠨ ᠤ ᠬᠤᠶᠠᠷ ᠡᠮᠨᠡᠯᠭᠡ ᠶᠢᠨ ᠬᠤᠷᠢᠶ᠎ᠠ ᠲᠣᠰ ᠲᠣᠰ B᠎ ᠠᠴᠠ B+C+B+᠎ ᠳᠤ ᠬᠦᠷᠬᠦ ᠨᠡᠯᠢᠶᠡᠳ ᠶᠡᠭᠡ ᠳᠠᠪᠰᠢᠯᠲᠠ ᠲᠠᠢ ᠪᠣᠯᠵᠤ᠂ ᠬᠤᠲᠠ ᠶᠢᠨ ᠮᠡᠳᠡᠷᠡᠯ ᠤᠨ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ ᠶᠢᠨ ᠨᠡᠷᠡᠰ ᠤᠨ ᠵᠢᠭᠰᠠᠭᠠᠯᠲᠠ ᠴᠤ ᠪᠥᠬᠦ ᠤᠯᠤᠰ ᠲᠤ 35 ᠪᠠᠶᠢᠭᠰᠠᠨ ᠠᠴᠠ ᠪᠠᠨ ᠪᠥᠬᠦ ᠤᠯᠤᠰ ᠲᠤ 21 ᠪᠣᠯᠣᠨ ᠳᠡᠭᠡᠭᠰᠢᠯᠡᠵᠦ᠂ A ᠲᠠᠰ ᠭᠥᠷᠳᠡᠵᠦ᠂ ᠡᠮᠴᠢᠯᠡᠭᠡᠨ ᠤ ᠦᠢᠯᠡᠴᠢᠯᠡᠭᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃      ᠭᠤᠷᠪᠠ ᠳᠤ ︽ᠲᠦᠷᠭᠡᠨ ᠠᠪᠤᠷᠠᠬᠤ︾᠎ ᠶᠢ ᠠᠬᠢᠭᠤᠯᠪᠠ᠃ 120 ᠲᠦᠷᠭᠡᠨ ᠠᠪᠤᠷᠠᠯᠳᠠ ᠶᠢᠨ ᠲᠥᠪ ᠢᠶᠠᠷ ᠭᠤᠣᠯ ᠪᠣᠯᠭᠠᠭᠰᠠᠨ ᠲᠦᠷᠭᠡᠨ ᠠᠪᠤᠷᠠᠯᠳᠠ ᠶᠢᠨ ᠲᠣᠮᠣ ᠲᠠᠪᠴᠠᠩ ᠢ ᠪᠠᠶᠢᠭᠤᠯᠵᠤ᠂ ᠪᠦᠬᠦ ᠰᠢᠶᠠᠨ ᠤ 17 ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠬᠠᠮᠤᠷᠴᠦ᠂ ᠲᠦᠷᠭᠡᠨ ᠠᠪᠤᠷᠠᠯᠳᠠ ᠶᠢᠨ ᠲᠡᠷᠭᠡ ᠶᠢᠨ 3 ᠮᠢᠨᠦ᠋ᠲ ᠤᠨ ᠲᠤᠳᠤᠷ᠎ᠠ ᠲᠡᠷᠭᠡ ᠭᠠᠷᠬᠤ ᠨᠤᠷᠮ᠎ᠠ ᠨᠢ 100%᠎ ᠲᠤ ᠬᠦᠷᠴᠦ᠂ ᠬᠦᠨᠳᠦ ᠲᠦᠭᠰᠢᠭᠦᠷᠢᠲᠡᠢ ᠡᠪᠡᠳᠴᠢᠲᠡᠨ ᠢ ᠠᠪᠤᠷᠠᠯᠳᠠ ᠶᠢᠨ ᠠᠮᠵᠢᠯᠲᠠ ᠣᠯᠣᠭᠰᠠᠨ ᠨᠤᠷᠮ᠎ᠠ ᠨᠢ ᠤᠤᠯ ᠤᠨ 85% ᠪᠠᠶᠢᠭᠰᠠᠨ ᠠᠴᠠ ᠪᠠᠨ 96.5% ᠪᠣᠯᠣᠨ ᠳᠡᠭᠡᠭᠰᠢᠯᠡᠵᠡᠢ᠃      ᠳᠥᠷᠪᠡ ᠳᠤ ︽ᠦᠢᠯᠡᠴᠢᠯᠡᠭᠡ︾᠎ ᠶᠢ ᠰᠢᠯᠢᠳᠡᠭᠵᠢᠭᠦᠯᠦᠨ᠎ᠡ᠃ ︽ᠨᠢᠩᠴᠧᠩ ᠤᠨ ᠡᠮᠨᠡᠯᠭᠡ ᠶᠢᠨ ᠠᠯᠲᠠᠨ ᠲᠣᠷᠭᠠᠨ ᠪᠦᠴᠡ ᠶᠢᠨ ᠡᠷᠡᠭᠦᠯ ᠮᠡᠨᠳᠦ ᠶᠢᠨ ᠠᠶᠠᠯᠠᠯ ︾᠎ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 2023 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ 5 ᠵᠢᠯ ᠤᠨ ᠬᠤᠭᠤᠴᠠᠭᠠᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠭᠰᠡᠨ ᠬᠥᠮᠥᠨ ᠤ ᠲᠤᠭ᠎ᠠ 13.2 ᠲᠦᠮᠡᠨ ᠬᠥᠮᠥᠨ ᠤᠳᠠᠭ᠎ᠠ ᠳᠤ ᠬᠦᠷᠴᠦ᠂ ᠡᠷᠡᠭᠦᠯ ᠮᠡᠨᠳᠦ ᠶᠢᠨ ᠪᠠᠶᠢᠴᠠᠭᠠᠯᠲᠠ᠂ ᠠᠯᠪᠠᠨ ᠵᠢᠷᠤᠮ ᠤᠨ ᠡᠮᠴᠢᠯᠡᠭᠡ 11.9 ᠲᠦᠮᠡᠨ ᠬᠥᠮᠥᠨ ᠤᠳᠠᠭ᠎ᠠ ᠳᠤ ᠬᠦᠷᠴᠦ᠂ ᠰᠦᠢᠳᠬᠡᠯ ᠬᠤᠷᠢᠶᠠᠬᠤ ᠦᠭᠡᠢ ᠪᠠᠷ ᠬᠡᠲᠦ ᠳᠣᠯᠭᠢᠶᠠᠨ᠂ ᠵᠢᠷᠦᠬᠡᠨ ᠤ ᠯᠤᠭᠰᠢᠯᠲᠠ ᠶᠢᠨ ᠵᠢᠷᠤᠭ ᠤᠨ ᠪᠠᠶᠢᠴᠠᠭᠠᠯᠲᠠ 11.4 ᠲᠦᠮᠡᠨ ᠬᠥᠮᠥᠨ ᠤᠳᠠᠭ᠎ᠠ ᠳᠤ ᠬᠦᠷᠴᠦ᠂ ᠵᠢᠷᠦᠬᠡᠨ ᠲᠢᠲᠢᠮ ᠤᠨ ᠡᠪᠡᠳᠴᠢᠨ ᠤ ᠠᠶᠤᠯ ᠶᠡᠬᠡᠲᠡᠢ ᠰᠢᠭᠰᠢᠨ ᠪᠠᠶᠢᠴᠠᠭᠠᠯᠲᠠ 2.5 ᠲᠦᠮᠡᠨ ᠬᠥᠮᠥᠨ ᠤᠳᠠᠭ᠎ᠠ ᠳᠤ ᠬᠦᠷᠴᠦ᠂ 500 ᠭᠠᠷᠤᠢ ᠬᠥᠮᠥᠨ ᠤᠳᠠᠭ᠎ᠠ ᠳᠤ ᠡᠮᠨᠡᠯᠭᠡ ᠳᠤ ᠰᠠᠭᠤᠵᠤ ᠡᠮᠨᠡᠭᠦᠯᠪᠡ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ