ᠨᠢᠩᠴᠧᠩ ᠰᠢᠶᠠᠨ ᠮᠢᠬ᠎ᠠ ᠵᠢᠴᠢ ᠮᠢᠬᠠᠨ ᠪᠦᠲᠦᠭᠡᠭᠳᠡᠬᠦᠨ ᠳᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/1/24
      ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠭᠴᠤᠭ᠎ᠠ ᠳᠠᠬᠢ ᠮᠢᠬ᠎ᠠ ᠵᠢᠴᠢ ᠮᠢᠬᠠᠨ ᠪᠦᠲᠦᠭᠡᠭᠳᠡᠬᠦᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠭᠴᠤᠭ᠎ᠠ ᠳᠠᠬᠢ ᠮᠢᠬ᠎ᠠ ᠵᠢᠴᠢ ᠮᠢᠬᠠᠨ ᠪᠦᠲᠦᠭᠡᠭᠳᠡᠬᠦᠨ ᠤ ᠬᠠᠤᠯᠢ ᠲᠣᠭᠲᠠᠭᠠᠯ ᠠᠴᠠ ᠵᠥᠷᠢᠴᠡᠭᠰᠡᠨ  ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠢᠬ᠎ᠠ ᠵᠢᠴᠢ ᠮᠢᠬᠠᠨ ᠪᠦᠲᠦᠭᠡᠭᠳᠡᠬᠦᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠣᠯᠠᠨ ᠲᠦᠮᠡᠨ ᠤ ᠴᠠᠭᠠᠨ ᠰᠠᠷ᠎ᠠ ᠳᠤ ︽  ᠰᠢᠨ᠎ᠡ ᠰᠤᠷᠭᠤᠭ ᠮᠢᠬ᠎ᠠ︾ ᠢᠳᠡᠬᠦ ᠶᠢ ᠦᠨᠡᠨᠬᠦ ᠪᠠᠲᠤᠯᠠᠬᠤ ᠶᠢᠨ ᠲᠥᠯᠥᠬᠡ᠂ ᠤᠶᠢᠷ᠎ᠠ ᠶᠢᠨ ᠡᠳᠦᠷ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠢ ᠮᠢᠬ᠎ᠠ ᠵᠢᠴᠢ ᠮᠢᠬᠠᠨ ᠪᠦᠲᠦᠭᠡᠭᠳᠡᠬᠦᠨ ᠳᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ᠃      ᠲᠣᠰ ᠤᠳᠠᠭᠠᠨ ᠤ ᠪᠠᠶᠢᠴᠠᠭᠠᠯᠲᠠ ᠳᠤ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠮᠢᠬᠠᠨ ᠤ ᠳᠡᠯᠭᠡᠭᠦᠷ᠂ ᠵᠢᠵᠢᠭ ᠦᠢᠯᠡᠳᠬᠡᠯ ᠤᠨ ᠭᠠᠵᠠᠷ᠂ ᠪᠤᠯᠭᠤᠭᠰᠠᠨ ᠢᠳᠡᠭᠡᠨ ᠤ ᠳᠡᠯᠭᠡᠭᠦᠷ ᠢᠶᠠᠷ ᠭᠤᠣᠯᠳᠠᠯᠭ᠎ᠠ ᠲᠠᠢ ᠲᠠᠯᠠᠪᠤᠷ ᠪᠣᠯᠭᠠᠵᠤ᠂ ᠬᠠᠷᠢᠶᠠᠲᠤ ᠣᠷᠣᠨ ᠤ ᠮᠢᠬᠠᠨ ᠤ ᠵᠦᠢᠯ ᠵᠢᠴᠢ ᠮᠢᠬᠠᠨ ᠤ ᠵᠦᠢᠯ ᠤᠨ ᠡᠵᠡᠩᠨᠡᠯᠲᠡ ᠶᠢᠨ ᠡᠷᠦᠬᠡ ᠳᠤ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠯᠲᠠ ᠬᠢᠪᠡ᠃ ᠢᠯᠵᠠᠷᠠᠵᠤ ᠴᠢᠨᠠᠷ ᠬᠤᠪᠢᠷᠠᠭᠰᠠᠨ ᠪᠤᠶᠤ ᠢᠷᠡᠯᠲᠡ ᠨᠢ ᠲᠣᠳᠣᠷᠬᠠᠢ ᠦᠭᠡᠢ ᠮᠢᠬᠠᠨ ᠤ ᠵᠦᠢᠯ ᠪᠠᠶᠢᠬᠤ ᠡᠰᠡᠬᠦ᠂ ︽ᠬᠤᠶᠠᠷ ᠭᠡᠷᠡᠴᠢ ᠨᠢᠭᠡ ᠮᠡᠳᠡᠭᠦᠯᠦᠯᠲᠡ︾ ᠦᠭᠡᠢ ᠮᠢᠬᠠᠨ ᠤ ᠵᠦᠢᠯ ᠢ ᠡᠵᠡᠩᠨᠡᠵᠦ ᠪᠠᠶᠢᠬᠤ ᠡᠰᠡᠬᠦ᠂ ᠬᠢᠷᠢ ᠲᠡᠩᠴᠡᠭᠰᠡᠨ ᠭᠡᠷᠡᠴᠢ ᠪᠣᠯᠣᠨ ᠮᠢᠬᠠᠨ ᠤ ᠵᠦᠢᠯ ᠨᠢ ᠬᠠᠷᠢᠯᠴᠠᠨ ᠨᠡᠶᠢᠴᠡᠬᠦ ᠡᠰᠡᠬᠦ ᠵᠡᠷᠭᠡ ᠳᠤ ᠭᠤᠣᠯᠳᠠᠯᠭ᠎ᠠ ᠲᠠᠢ ᠪᠠᠷ ᠬᠢᠨᠠᠨ ᠬᠠᠷᠭᠤᠭᠤᠯᠤᠯᠲᠠ ᠪᠠ ᠪᠠᠶᠢᠴᠠᠭᠠᠯᠲᠠ  ᠬᠢᠪᠡ᠃ ᠡᠭᠦᠨ ᠤ ᠬᠠᠮᠲᠤ᠂ ᠡᠵᠡᠩᠨᠡᠭᠴᠢᠳ ᠢ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠪᠠᠷᠢᠮᠵᠢᠶ᠎ᠠ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠳᠤ ᠦᠢᠯᠡᠳᠪᠦᠷᠢᠯᠡᠵᠦ ᠡᠵᠡᠩᠨᠡᠨ᠂ ᠴᠠᠭᠠᠵᠠᠯᠠᠭᠰᠠᠨ ᠢᠳᠡᠭᠡᠨ ᠢ ᠬᠤᠳᠠᠯᠳᠤᠨ ᠠᠪᠴᠤ᠂ ᠪᠣᠯᠪᠠᠰᠤᠷᠠᠭᠤᠯᠵᠤ᠂ ᠡᠵᠡᠩᠨᠡᠵᠦ ᠪᠣᠯᠬᠤ ᠦᠭᠡᠢ ᠭᠡᠵᠦ ᠱᠠᠭᠠᠷᠳᠠᠪᠠ᠃      ᠣᠲᠣ ᠪᠣᠯᠲᠠᠯ᠎ᠠ᠂  ᠮᠢᠬᠠᠨ ᠤ ᠵᠦᠢᠯ ᠤᠨ ᠡᠵᠡᠩᠨᠡᠯᠲᠡ ᠶᠢᠨ 67 ᠨᠢᠭᠡᠴᠡ ᠶᠢ ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠭᠡᠷᠡᠴᠢ ᠪᠠᠷᠢᠮᠲᠠ ᠠᠪᠤᠭᠰᠠᠨ ᠎ ᠨᠢ ᠪᠦᠷᠢᠨ ᠪᠤᠰᠤ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠡᠵᠡᠩᠨᠡᠯᠲᠡ ᠶᠢᠨ ᠡᠷᠦᠬᠡ ᠳᠤ ︽ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ ︾ 2 ᠬᠤᠪᠢ ᠪᠠᠭᠤᠯᠭᠠᠪᠠ᠃ ᠲᠠᠷᠠᠭᠠᠴᠢ ᠶᠢᠨ ᠠᠯᠬᠤᠮ ᠳᠤ᠂ ᠮᠢᠬ᠎ᠠ ᠵᠢᠴᠢ ᠮᠢᠬᠠᠨ ᠪᠦᠲᠦᠭᠡᠭᠳᠡᠬᠦᠨ ᠤ ᠬᠢᠨᠠᠯᠲᠠ ᠪᠠᠶᠢᠴᠠᠭᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠮᠢᠬᠠᠨ ᠤ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠵᠢᠷᠤᠮᠵᠢᠭᠤᠯᠵᠤ᠂ ᠥᠷᠭᠡᠨ ᠣᠯᠠᠨ ᠲᠦᠮᠡᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠮᠢᠬᠠᠨ ᠤ ᠪᠦᠲᠦᠭᠡᠭᠳᠡᠬᠦᠨ ᠤ ᠠᠮᠤᠷ ᠲᠦᠪᠰᠢᠨ ᠳᠤ ᠪᠠᠲᠤᠯᠠᠭ᠎ᠠ ᠬᠠᠩᠭᠠᠨ᠎ᠠ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ