ᠨᠢᠩᠴᠧᠩ ᠰᠢᠶᠠᠨ ᠤ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ︽ᠭᠠᠶᠢᠯᠢ ᠶᠢᠨ ᠬᠦᠴᠦᠨ︾᠎ ᠢ ᠢᠯᠡᠷᠡᠭᠦᠯᠵᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠠᠩ ᠢᠯᠡᠭᠦᠦ ᠬᠠᠯᠠᠭᠤᠨ ᠳᠤᠯᠠᠭᠠᠨ ᠪᠣᠯᠭᠠᠨ᠎ᠠ
ᠨᠡᠶᠢᠲᠡᠯᠡᠭᠰᠡᠨ ᠴᠠᠭ᠄
2024/1/24
      ᠨᠢᠭᠡ ᠳᠤ ᠭᠠᠶᠢᠯᠢ ᠲᠤᠰᠢᠶᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ︽ᠪᠡᠶᠡᠴᠢᠯᠡᠨ ᠣᠶᠢᠯᠠᠭᠠᠬᠤ + ᠬᠦᠷᠭᠡᠬᠦ︾ ᠠᠵᠢᠯ ᠢ ᠠᠬᠢᠭᠤᠯᠤᠨ᠎ᠠ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠢ ᠤᠷᠢᠵᠤ ᠭᠠᠶᠢᠯᠢ ᠰᠦᠢᠳᠬᠡᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠭᠴᠢ ᠪᠣᠯᠭᠠᠵᠤ᠂ ᠥᠪᠡᠷ ᠢᠶᠠᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠦᠵᠦᠭᠦᠷ ᠤᠨ ᠴᠢᠳᠠᠮᠵᠢ ᠶᠢ ᠲᠤᠬᠠᠢ ᠶᠢᠨ ᠭᠠᠵᠠᠷ ᠲᠤᠨᠢ ᠣᠶᠢᠯᠠᠭᠠᠨ ᠮᠡᠳᠡᠷᠡᠵᠦ᠂ ᠥᠪᠡᠷ ᠤᠨ ᠪᠡᠶ᠎ᠡ ᠪᠠᠷ ᠢᠶᠠᠨ ᠴᠤᠪᠤᠷᠠᠯ ᠢᠶᠠᠷ ᠭᠦᠢᠴᠳᠭᠡᠵᠦ᠂ ᠲᠥᠷᠥᠭᠳᠡᠯ ᠢᠶᠠᠨ ᠶᠠᠷᠢᠯᠴᠠᠨ᠂ ᠭᠠᠶᠢᠯᠢ ᠲᠤᠰᠢᠶᠠᠬᠤ ᠦᠢᠯᠡᠴᠢᠯᠡᠭᠡ ᠶᠢ ᠲᠡᠭᠦᠯᠳᠡᠷᠵᠢᠭᠦᠯᠬᠦ ᠳᠤ ᠠᠷᠭ᠎ᠠ ᠤᠬᠠᠭᠠᠨ ᠭᠠᠷᠭᠠᠨ᠎ᠠ᠃ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠬᠦᠷᠭᠡᠨ ᠥᠭᠴᠦ᠂ ︽ᠬᠥᠮᠥᠨ ᠡᠷᠢᠬᠦ ᠲᠥᠷᠥ ᠶᠢᠨ ᠪᠣᠳᠣᠯᠭ᠎ᠠ︾᠎ ᠠᠴᠠ ︽ᠲᠥᠷᠥ ᠶᠢᠨ ᠪᠣᠳᠣᠯᠭ᠎ᠠ ᠪᠠᠷ ᠬᠥᠮᠥᠨ ᠡᠷᠢᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠂ ᠭᠠᠶᠢᠯᠢ ᠲᠤᠰᠢᠶᠠᠭᠴᠢ ᠶᠢᠨ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠤᠶᠠᠷ ᠲᠤ ︽ᠬᠠᠮᠵᠢᠯᠴᠠᠬᠤ + ᠨᠠᠶᠢᠳᠠᠪᠤᠷᠢᠵᠢᠭᠤᠯᠬᠤ︾᠎ ᠪᠠᠷ ᠭᠠᠶᠢᠯᠢ ᠰᠦᠢᠳᠬᠡᠯ ᠤᠨ ᠲᠠᠲᠠᠪᠤᠷᠢᠯᠠᠯᠲᠠ ᠬᠠᠮᠢᠶᠠᠷᠤᠯᠲᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠶᠢ ᠴᠢᠩᠭᠠᠷᠠᠭᠤᠯᠤᠨ᠎ᠠ᠃ ᠭᠠᠶᠢᠯᠢ ᠰᠦᠢᠳᠬᠡᠯ ᠤᠨ ᠲᠠᠲᠠᠪᠤᠷᠢᠯᠠᠨ ᠬᠠᠮᠢᠶᠠᠷᠬᠤ ᠬᠠᠮᠵᠢᠯᠴᠠᠭ᠎ᠠ ᠶᠢᠨ ︽ᠡᠨᠧᠷᠭᠢ ᠶᠢ ᠲᠥᠪᠯᠡᠷᠡᠭᠦᠯᠬᠦ ᠴᠠᠭᠠᠷᠢᠭ︾᠎ ᠢ ᠪᠣᠶ ᠪᠣᠯᠭᠠᠵᠤ᠂ ᠣᠯᠠᠨ ᠭᠠᠵᠠᠷ ᠣᠷᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠭᠠᠶᠢᠯᠢ ᠰᠦᠢᠳᠬᠡᠯ ᠤᠨ ᠲᠠᠲᠠᠪᠤᠷᠢᠯᠠᠨ ᠬᠠᠮᠢᠶᠠᠷᠬᠤ ᠬᠠᠮᠵᠢᠯᠴᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠠᠶᠢᠯᠢ ᠳᠤ ᠬᠤᠯᠪᠣᠭᠳᠠᠬᠤ ᠣᠯᠠᠨ ᠲᠠᠯ᠎ᠠ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠨᠡᠪᠲᠡᠷᠡᠯᠴᠡᠨ ᠰᠣᠯᠢᠯᠴᠠᠬᠤ ᠪᠠᠨ ᠴᠢᠩᠭᠠᠳᠬᠠᠨ᠂ ᠬᠠᠮᠲᠤᠪᠠᠷ ᠵᠠᠰᠠᠬᠤ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠵᠤ᠂ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠪᠠᠷᠢᠯ ᠢ ᠰᠠᠶᠢᠲᠤᠷ ᠬᠡᠷᠡᠭᠯᠡᠨ᠂ ᠦᠷᠭᠦᠯᠵᠢᠯᠡᠨ ᠰᠢᠯᠢᠳᠡᠭᠵᠢᠭᠦᠯᠵᠦ ᠰᠢᠨ᠎ᠡ ᠶᠢ ᠡᠭᠦᠳᠦᠨ ᠬᠡᠷᠡᠭᠵᠢᠭᠦᠯᠬᠦ ᠰᠢᠷᠢᠰ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠵᠠᠬ᠎ᠠ ᠳᠡᠯᠭᠡᠭᠦᠷ ᠤᠨ ᠮᠢᠩᠭ᠎ᠠ ᠭᠠᠷᠤᠢ ᠭᠤᠣᠯ ᠴᠣᠭᠴᠠ ᠳᠤ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠴᠡᠪᠡᠷ ᠠᠰᠢᠭ ᠬᠦᠷᠲᠡᠭᠡᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠦᠷᠭᠦᠯᠵᠢᠯᠡᠨ ᠬᠤᠪᠢ ᠨᠡᠮᠡᠷᠢ ᠪᠠᠨ ᠦᠵᠡᠭᠦᠯᠵᠦ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃      ᠭᠤᠷᠪᠠ ᠳᠤ ︽ᠤᠬᠠᠭᠤᠯᠭ᠎ᠠ + ᠰᠣᠷᠪᠤᠯᠵᠢᠯᠠᠭ᠎ᠠ︾᠎ ᠶᠢᠨ ᠭᠠᠶᠢᠯᠢ ᠳᠤ ᠬᠤᠯᠪᠣᠭᠳᠠᠬᠤ ᠤᠬᠠᠭᠤᠯᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠶᠢ ᠦᠨᠡᠨ ᠬᠦ ᠪᠠᠲᠤᠯᠠᠨ᠎ᠠ᠃ ᠭᠠᠶᠢᠯᠢ ᠶᠢᠨ ᠤᠬᠠᠭᠤᠯᠭ᠎ᠠ ᠶᠢᠨ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠣᠬᠤᠷ ᠬᠠᠷᠠᠭᠠᠨ ᠳᠠᠪᠲᠠᠮᠵᠢ ᠶᠢ ᠰᠤᠷᠭᠠᠭᠤᠯᠢ ᠂ ᠨᠡᠶᠢᠭᠡᠮ ᠲᠣᠭᠤᠷᠢᠭ ᠲᠤ ᠬᠦᠷᠴᠦ᠂ ᠤᠬᠠᠭᠤᠯᠭ᠎ᠠ ᠶᠢᠨ ᠳᠡᠪᠲᠡᠷ 1000 ᠭᠠᠷᠤᠢ ᠬᠤᠪᠢ᠂ ᠤᠬᠠᠭᠤᠯᠭ᠎ᠠ ᠶᠢᠨ ᠬᠠᠭᠤᠳᠠᠰᠤ ᠶᠢ 2000 ᠭᠠᠷᠤᠢ ᠬᠤᠪᠢ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠨᠢᠭᠤᠷᠲᠠᠨ ᠲᠠᠶᠢᠯᠪᠤᠷᠢᠯᠠᠵᠤ᠂ ᠥᠷᠭᠡᠨ ᠣᠯᠠᠨ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠳᠤ ᠤᠯᠤᠰ ᠤᠨ ᠲᠥᠷᠥ ᠶᠢᠨ ᠪᠣᠳᠣᠯᠭ᠎ᠠ ᠶᠢᠨ ᠠᠪᠴᠢᠷᠠᠭᠰᠠᠨ ᠠᠰᠢᠭ ᠲᠤᠰᠠ ᠪᠠ ᠲᠥᠬᠦᠮ ᠨᠥᠬᠦᠴᠡᠯ ᠢ ᠦᠨᠡᠨ ᠬᠦ ᠣᠶᠢᠯᠠᠭᠠᠭᠤᠯᠪᠠ᠃ ᠰᠤᠷᠪᠤᠯᠵᠢᠯᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠰᠤᠷᠪᠤᠯᠵᠢᠯᠠᠬᠤ ᠠᠴᠠ ᠡᠮᠦᠨ᠎ᠡ ᠵᠠᠳᠠᠯᠬᠤ᠂ ᠰᠤᠷᠪᠤᠯᠵᠢᠯᠠᠬᠤ ᠶᠠᠪᠤᠴᠠ ᠳᠤ ᠴᠤᠭᠯᠠᠭᠤᠯᠬᠤ᠂ ᠰᠤᠷᠪᠤᠯᠵᠢᠯᠠᠭᠰᠠᠨ ᠤ ᠲᠠᠷᠠᠭ᠎ᠠ ᠰᠢᠢᠳᠪᠦᠷᠢᠯᠡᠬᠦ ᠰᠤᠷᠪᠤᠯᠵᠢᠯᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠭᠦᠢᠴᠡᠳ ᠡᠵᠡᠮᠰᠢᠵᠦ᠂ ᠰᠢᠰᠲ᠋ᠧᠮ ᠲᠠᠢ ᠠᠵᠢᠯᠯᠠᠬᠤ᠂ ᠭᠠᠶᠢᠯᠢ ᠲᠤᠰᠢᠶᠠᠬᠤ ᠪᠠᠷ ᠮᠡᠳᠡᠭᠦᠯᠬᠦ᠂ ᠲᠣᠭᠠᠨ ᠤ ᠴᠠᠬᠢᠯᠭᠠᠨ ᠮᠡᠳᠡᠭᠡᠨ ᠤ ᠪᠠᠷᠢᠮᠲᠠ ᠪᠢᠴᠢᠬᠦ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠡᠳ᠋ᠯᠡᠬᠦ ᠵᠡᠷᠭᠡ ᠭᠠᠶᠢᠯᠢ ᠳᠤ ᠬᠤᠯᠪᠣᠭᠳᠠᠬᠤ ᠬᠦᠷᠢᠶᠡᠨ ᠳᠠᠬᠢ ᠪᠣᠯᠣᠮᠵᠢᠲᠤ ᠴᠢᠨᠠᠷᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠥᠭᠴᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠬᠦᠴᠢᠷᠳᠡᠯ ᠢ ᠨᠢ ᠰᠢᠢᠳᠪᠦᠷᠢᠯᠡᠵᠦ᠂ ᠮᠡᠳᠡᠷᠡᠬᠦ ᠰᠡᠳᠬᠢᠯᠭᠡ ᠶᠢ ᠨᠢ ᠳᠡᠭᠡᠭᠰᠢᠯᠡᠭᠦᠯᠦᠨ᠎ᠡ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ