ᠨᠢᠩᠴᠧᠩ ᠰᠢᠶᠠᠨ ᠡᠪᠦᠯ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠤᠶᠤᠨᠴᠢ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/1/24
      ᠨᠢᠩᠴᠧᠩ ᠰᠢᠶᠠᠨ ︽ᠬᠢᠨᠠᠨ ᠬᠡᠮᠵᠢᠬᠦ ᠲᠠᠪᠴᠠᠩ + ᠣᠶ ᠰᠢᠭᠤᠢ ᠶᠢᠨ ᠭᠠᠯ ᠲᠦᠢᠮᠡᠷ ᠤᠨ ᠰᠢᠰᠲ᠋ᠧᠮ ᠤᠨ ᠤᠷᠢᠳᠴᠢᠯᠠᠨ ᠰᠡᠷᠡᠮᠵᠢᠯᠡᠭᠦᠯᠬᠦ + ᠣᠶ ᠰᠢᠭᠤᠢ ᠶᠢᠨ ᠳᠠᠷᠤᠭ᠎ᠠ + ᠣᠶ ᠬᠠᠮᠠᠭᠠᠯᠠᠭᠴᠢ︾᠎ ᠶᠢᠨ ᠣᠶ ᠰᠢᠭᠤᠢ ᠶᠢ ᠬᠠᠮᠠᠭᠠᠯᠠᠨ ᠭᠠᠯ ᠰᠡᠷᠭᠡᠶᠢᠯᠡᠬᠦ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ᠳᠠᠭᠠᠭᠤᠯᠢ ᠣᠳᠣᠨ ᠤ ᠠᠯᠤᠰ ᠰᠡᠷᠡᠯ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠣᠶ ᠰᠢᠭᠤᠢ ᠶᠢᠨ ᠭᠠᠯ ᠲᠦᠢᠮᠡᠷ ᠤᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠬᠢᠭᠡᠳ ᠣᠶᠤᠨᠴᠢ ᠬᠢᠨᠠᠨ ᠬᠡᠮᠵᠢᠬᠦ ᠲᠠᠪᠴᠠᠩ ᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠲᠣᠥᠷᠵᠢᠭᠤᠯᠤᠯᠲᠠ ᠪᠠᠷ ᠭᠠᠷᠳᠠᠬᠤ ᠴᠡᠭ ᠪᠣᠯᠭᠠᠨ᠂ ᠥᠨᠳᠥᠷ ᠣᠭᠲᠠᠷᠭᠤᠢ ᠶᠢᠨ ᠥᠷᠲᠡᠭᠡᠨ ᠤ ᠬᠠᠶ᠋ᠢᠭ ᠤᠨ ᠡᠬᠢ ᠪᠠᠶᠠᠯᠢᠭ ᠪᠠ ᠥᠨᠳᠥᠷ ᠣᠭᠲᠠᠷᠭᠤᠢ ᠶᠢᠨ ᠪᠠᠷᠠᠯᠠᠬᠤ ᠲᠥᠬᠦᠭᠡᠷᠦᠮᠵᠢ ᠶᠢ ᠠᠰᠢᠭᠯᠠᠨ᠂ GIS᠎ ᠤᠨ ᠭᠠᠵᠠᠷ ᠤᠨ ᠵᠢᠷᠤᠭ᠂ ᠭᠠᠯ ᠲᠦᠢᠮᠡᠷ ᠤᠨ ᠪᠠᠶᠢᠳᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠵᠢᠴᠢ ᠰᠢᠢᠳᠪᠦᠷᠢᠲᠦ ᠪᠣᠳᠣᠯᠭ᠎ᠠ ᠶᠢᠨ ᠵᠢᠯᠣᠭᠤᠳᠤᠯᠭ᠎ᠠ ᠵᠡᠷᠭᠡ ᠬᠡᠰᠡᠭ ᠲᠠᠢ ᠬᠠᠮᠵᠢᠯᠴᠠᠨ᠂ ᠣᠶᠤᠨᠴᠢᠯᠠᠭᠰᠠᠨ ᠬᠢᠨᠠᠨ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ 24 ᠴᠠᠭ ᠲᠤ 360 ᠭᠷᠡᠳᠦ᠋ᠰ ᠲᠤᠬᠠᠢ ᠶᠢᠨ ᠴᠠᠭ ᠤᠨ ᠪᠣᠳᠠᠲᠤ ᠦᠵᠡᠮᠵᠢ ᠪᠠᠷ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠢᠯᠴᠢ ᠶᠢᠨ ᠳᠦᠷᠰᠦ ᠪᠦᠲᠦᠭᠡᠯᠲᠡ ᠶᠢ ᠬᠠᠶᠢᠨ ᠬᠡᠮᠵᠢᠬᠦ ᠮᠡᠷᠭᠡᠵᠢᠯ ᠬᠢᠭᠡᠳ Al ᠣᠶᠤᠨᠲᠤ ᠬᠤᠸᠠᠷ ᠫᠤᠤᠵᠢᠩ ᠢ ᠵᠠᠳᠠᠯᠤᠨ ᠢᠯᠭᠠᠨ ᠲᠠᠨᠢᠬᠤ ᠠᠷᠭ᠎ᠠ ᠪᠠᠷᠢᠯ ᠢ ᠠᠰᠢᠭᠯᠠᠨ᠂ ᠰᠢᠰᠲ᠋ᠧᠮ ᠢ ᠲᠣᠬᠢᠷᠠᠭᠤᠯᠤᠨ ᠭᠠᠯ ᠤᠨ ᠪᠠᠶᠢᠳᠠᠯ ᠢ ᠠᠦ᠋ᠲ᠋ᠣ᠋ ᠢᠯᠭᠠᠨ ᠲᠠᠨᠢᠵᠤ᠂ ᠠᠦ᠋ᠲ᠋ᠣ᠋ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ᠂ ᠭᠠᠯ ᠤᠨ ᠪᠠᠶᠢᠳᠠᠯ ᠡᠭᠦᠰᠪᠡᠯ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠵᠢᠯᠤᠭᠤᠳᠬᠤ ᠲᠥᠪ ᠠᠴᠠ ᠭᠠᠯ ᠤᠨ ᠢᠷᠡᠯᠲᠡ ᠶᠢ ᠦᠳᠲᠡᠷ ᠲᠦᠷᠭᠡᠨ ᠲᠣᠭᠲᠠᠭᠠᠬᠤ ᠶᠢ ᠦᠨᠡᠨᠬᠦ ᠪᠠᠲᠤᠯᠠᠨ᠎ᠠ᠃ 2023 ᠣᠨ ᠳᠤ᠂ 491 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠣᠷᠣᠭᠤᠯᠵᠤ᠂ ᠣᠶ ᠰᠢᠭᠤᠢ ᠶᠢᠨ ᠲᠦᠢᠮᠡᠷ ᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢ 6 ᠢᠵᠢ᠂ ᠲᠣᠮᠣ ᠬᠡᠯᠪᠡᠷᠢ ᠶᠢᠨ ᠴᠢᠭ᠋ ᠲᠣᠭᠲᠠᠭᠠᠭᠰᠠᠨ ᠰᠡᠭᠦᠳᠡᠷᠯᠡᠬᠦ ᠮᠠᠰᠢᠨ ᠢ 6 ᠪᠠᠶᠢᠭᠤᠯᠵᠤ᠂ ᠪᠥᠬᠦ ᠣᠷᠣᠨ ᠪᠦᠰᠡ ᠶᠢᠨ ᠳᠣᠲᠣᠷᠠᠬᠢ ᠭᠤᠣᠯᠳᠠᠯᠭ᠎ᠠ ᠲᠠᠢ ᠣᠶ ᠰᠢᠭᠤᠢ ᠶᠢᠨ ᠭᠠᠯ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠭᠠᠵᠠᠷ ᠳᠡᠭᠡᠷᠡᠬᠢ ᠲᠣᠭᠤᠷᠢᠨ ᠬᠠᠮᠠᠭᠠᠯᠠᠯᠲᠠ ᠶᠢ 100%᠎ ᠪᠠᠷ ᠪᠡᠶᠡᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ︽ᠬᠥᠮᠥᠨ ᠢᠶᠠᠷ ᠰᠡᠷᠭᠡᠶᠢᠯᠡᠬᠦ︾᠎ ᠠᠴᠠ ︽ᠮᠡᠷᠭᠡᠵᠢᠯ ᠢᠶᠠᠷ ᠰᠡᠷᠭᠡᠶᠢᠯᠡᠬᠦ᠂ ᠣᠶᠤᠨ ᠢᠶᠠᠷ ᠰᠡᠷᠭᠡᠶᠢᠯᠡᠬᠦ︾ ᠬᠦᠷᠲᠡᠯ᠎ᠡ ᠲᠦᠯᠬᠢᠨ ᠠᠬᠢᠭᠤᠯᠤᠨ᠎ᠠ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ