ᠰᠦᠩᠱᠠᠨ ᠲᠣᠭᠤᠷᠢᠭ ᠴᠠᠭᠠᠨ ᠰᠠᠷ᠎ᠠ ᠶᠢᠨ ᠪᠠᠶᠠᠷ ᠤᠨ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠦᠷᠨᠢᠭᠦᠯᠵᠦ ᠠᠷᠠᠳ ᠲᠤ ᠠᠰᠢᠭ ᠬᠦᠷᠲᠡᠭᠡᠨ ᠬᠠᠶᠢᠷ᠎ᠠ ᠬᠠᠯᠠᠮᠵᠢ ᠬᠦᠷᠭᠡᠨ᠎ᠡ
ᠨᠡᠶᠢᠲᠡᠯᠡᠭᠰᠡᠨ ᠴᠠᠭ᠄
2024/1/24
      ᠤᠢᠢᠷ᠎ᠠ ᠶᠢᠨ ᠬᠤᠭᠤᠴᠠᠭᠠᠨ ᠳᠤ᠂ ᠰᠦᠩᠱᠠᠨ ᠲᠣᠭᠤᠷᠢᠭ ᠤᠨ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠲᠠᠷᠢᠶᠠᠯᠠᠩ ᠳᠤ ᠦᠢᠯᠡᠴᠢᠯᠡᠬᠦ ᠲᠠᠪᠴᠠᠩ ᠳ᠋ᠠᠢ ᠹᠦ᠋ ᠶᠢᠩᠽᠢ᠂ ᠭᠠᠩᠽᠢ᠂ ᠴᠢᠳᠬᠤᠯᠠᠩ ᠵᠡᠷᠭᠡ ᠰᠢᠶᠠᠩ ᠪᠠᠯᠭᠠᠰᠤᠨ ᠤ ᠠᠷᠠᠳ ᠲᠤ ᠦᠢᠯᠡᠴᠢᠯᠡᠬᠦ ᠺᠣᠮᠫᠠᠨᠢ ᠲᠠᠢ ᠬᠠᠮᠲᠤᠷᠠᠵᠤ᠂ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠳᠤ ᠴᠠᠭᠠᠨ ᠰᠠᠷ᠎ᠠ ᠶᠢᠨ ᠬᠤᠭᠤᠴᠠᠭᠠᠨ ᠳᠤ ᠬᠡᠷᠡᠭᠰᠡᠬᠦ ᠠᠮᠢᠳᠤᠷᠠᠯ ᠤᠨ ᠡᠳ᠋ ᠪᠣᠳᠠᠰ ᠢ ᠲᠥᠪᠯᠡᠷᠡᠭᠦᠯᠦᠨ ᠬᠤᠳᠠᠯᠳᠤᠨ᠂ ᠤᠯᠠᠨ ᠲᠦᠮᠡᠨ ᠤ ᠬᠡᠷᠡᠭᠴᠡᠭᠡ ᠶᠢ ᠬᠠᠩᠭᠠᠵᠤ ᠪᠠᠶᠢᠨ᠎ᠠ᠃      ᠣᠶᠢᠯᠠᠭᠠᠭᠰᠠᠨ ᠢᠶᠠᠷ᠂ ᠳ᠋ᠠᠢ ᠹᠦ᠋ ᠶᠢᠩᠽᠢ ᠰᠢᠶᠠᠩ ᠤᠨ ᠲᠠᠷᠢᠶᠠᠯᠠᠩ ᠳᠤ ᠦᠢᠯᠡᠴᠢᠯᠡᠬᠦ ᠺᠣᠮᠫᠠᠨᠢ ᠨᠢ ᠪᠦᠬᠦ ᠰᠢᠶᠠᠩ ᠤᠨ 21 ᠲᠣᠰᠬᠤᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠶᠢ ᠺᠣᠮᠫᠠᠨᠢ ᠶᠢᠨ ᠬᠤᠪᠢ ᠣᠷᠣᠭᠤᠯᠤᠭᠴᠢ ᠪᠣᠯᠭᠠᠵᠤ᠂ ᠲᠤᠰᠬᠠᠶᠢᠵᠢᠭᠰᠠᠨ ᠡᠵᠡᠩᠨᠡᠯᠲᠡ ᠶᠢᠨ ᠪᠦᠯᠬᠦᠮ ᠢ ᠪᠠᠶᠢᠭᠤᠯᠵᠤ᠂ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠲᠥᠪᠯᠡᠷᠡᠭᠦᠯᠦᠨ ᠬᠠᠩᠭᠠᠨ ᠪᠣᠷᠣᠯᠠᠭᠤᠯᠬᠤ ᠳᠠᠪᠠᠭᠤᠯᠢᠭ ᠢ ᠪᠦᠷᠢᠯᠳᠦᠭᠦᠯᠪᠡ᠃      ᠴᠢᠳᠬᠤᠯᠠᠩ ᠪᠠᠯᠭᠠᠰᠤ ᠤᠬ ᠰᠠᠨᠠᠭ᠎ᠠ ᠨᠢ ᠠᠷᠠᠳ ᠲᠤ ᠦᠢᠯᠡᠴᠢᠯᠡᠬᠦ ᠺᠣᠮᠫᠠᠨᠢ ᠪᠠᠶᠢᠭᠤᠯᠵᠤ᠂ ᠲᠣᠰᠬᠤᠨ ᠤ ᠳᠡᠰ ᠤᠨ ᠰᠦᠯᠵᠢᠶᠡᠨ ᠤ ᠳᠠᠷᠤᠭ᠎ᠠ᠂ ᠳᠤᠭᠤᠶᠢᠯᠠᠩ ᠤᠨ ᠳᠡᠰ ᠤᠨ ᠰᠦᠯᠵᠢᠶᠡᠨ ᠤ ᠠᠵᠢᠯᠳᠠᠨ᠂ ᠺᠣᠮᠫᠠᠨᠢ ᠶᠢᠨ ᠲᠤᠬᠠᠶᠢᠯᠠᠭᠰᠠᠨ ᠠᠵᠢᠯᠳᠠᠨ ᠤ ᠭᠤᠷᠪᠠᠨ ᠳᠡᠰ ᠤᠨ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠬᠤ ᠪᠠᠷ ᠳᠠᠮᠵᠢᠭᠤᠯᠵᠤ᠂ ᠲᠠᠷᠢᠶᠠᠴᠢᠨ ᠡᠷᠦᠬᠡ ᠳᠤ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠢ ᠲᠥᠪᠯᠡᠷᠡᠭᠦᠯᠦᠨ ᠬᠤᠳᠠᠯᠳᠤᠨ᠂ ᠲᠤᠬᠢᠷᠠᠭᠤᠯᠤᠨ ᠬᠦᠷᠭᠡᠵᠦ ᠦᠭᠪᠡ᠃      ᠪᠦᠷᠢᠳᠬᠡᠯ ᠢ ᠦᠨᠳᠦᠰᠦᠯᠡᠪᠡᠯ᠂ ᠰᠦᠩᠱᠠᠨ ᠲᠣᠭᠤᠷᠢᠭ ᠤᠨ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠲᠠᠷᠢᠶᠠᠯᠠᠩ ᠳᠤ ᠦᠢᠯᠡᠴᠢᠯᠡᠬᠦ ᠲᠠᠪᠴᠠᠩ ᠨᠢ ᠰᠢᠶᠠᠩ ᠪᠠᠯᠭᠠᠰᠤᠨ ᠤ ᠠᠷᠠᠳ ᠲᠤ ᠦᠢᠯᠡᠴᠢᠯᠡᠬᠦ ᠺᠣᠮᠫᠠᠨᠢ ᠲᠠᠢ ᠢᠳᠡᠪᠬᠢᠲᠡᠢ ᠬᠠᠷᠢᠯᠴᠠᠵᠤ᠂ 1 ᠰᠠᠷ᠎ᠠ ᠶᠢᠨ 8᠎ ᠤ ᠡᠳᠦᠷ ᠠᠴᠠ ᠡᠬᠢᠯᠡᠨ᠂ 30 ᠭᠠᠷᠤᠢ ᠲᠦᠮᠡᠨ ᠲᠥᠭᠦᠷᠢᠭ ᠤᠨ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠢ 13 ᠰᠢᠶᠠᠩ ᠪᠠᠯᠭᠠᠰᠤᠨ ᠤ 140 ᠭᠠᠷᠤᠢ ᠲᠣᠰᠬᠤᠨ ᠤ ᠠᠷᠠᠳ ᠤᠨ ᠳᠤᠭᠤᠶᠢᠯᠠᠩ ᠳᠤ ᠬᠦᠷᠭᠡᠪᠡ᠃ 
ᠢᠷᠡᠯᠲᠡ᠄ ᠰᠥᠩᠱᠠᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ