ᠨᠢᠩᠴᠧᠩ ᠰᠢᠶᠠᠨ ︽ᠴᠠᠯᠢᠩ ᠥᠷᠢᠲᠦᠬᠦ ᠦᠭᠡᠢ︾ ᠪᠠᠶᠢᠬᠤ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/1/24
      ᠨᠢᠭᠡ ᠳᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠴᠠᠯᠢᠩ ᠥᠷᠢᠲᠦᠵᠦ ᠪᠠᠶᠢᠭ᠎ᠠ ᠠᠵᠤ ᠠᠬᠤᠶᠢᠯᠠᠯ︾ ᠎ ᠢ ᠴᠡᠭᠴᠡᠯᠡᠨ ᠵᠠᠰᠠᠨ᠎ᠠ᠃ ︽ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠪᠦᠯ ᠤᠨ ᠤᠯᠠᠷᠢᠯ ᠤᠨ ᠲᠤᠰᠬᠠᠢ ᠠᠵᠢᠯᠯᠠᠭ᠎ᠠ︾᠎ ᠶᠢ ᠦᠷᠭᠦᠯᠵᠢᠯᠡᠨ ᠥᠷᠨᠢᠭᠦᠯᠵᠦ᠂ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠠᠵᠤ ᠠᠬᠤᠶᠢᠯᠠᠯ ᠳᠤ ᠴᠢᠩᠭ᠎ᠠ ᠴᠣᠬᠢᠯᠲᠠ ᠥᠭᠴᠦ᠂ ᠢᠯᠡᠴᠢᠯᠡᠨ ᠵᠠᠭᠠᠯᠳᠤᠬᠤ ᠠᠷᠭ᠎ᠠ ᠵᠠᠮ ᠢ ᠨᠡᠶᠢᠭᠡᠮ ᠨᠡᠶᠢᠲᠡ ᠳᠤ ᠢᠯᠡ ᠪᠣᠯᠭᠠᠵᠤ᠂ ᠵᠠᠭᠠᠯᠳᠤᠪᠠᠯ ᠵᠠᠪᠠᠯ ᠬᠦᠯᠢᠶᠡᠨ ᠠᠪᠴᠤ᠂ ᠬᠡᠷᠡᠭ ᠪᠠᠶᠢᠪᠠᠯ ᠵᠠᠪᠠᠯ  ᠪᠠᠶᠢᠴᠠᠭᠠᠨ᠎ᠠ᠃ ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ ᠴᠠᠯᠢᠩ ᠥᠭᠬᠦ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ 16 ᠪᠠᠷᠢᠯᠭ᠎ᠠ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠶᠢᠭᠤᠯᠵᠤ ᠪᠠᠶᠢᠭ᠎ᠠ ᠲᠥᠷᠥᠯ ᠵᠦᠢᠯ ᠳᠤ ︽ᠬᠤᠶᠠᠷ ᠢ ᠰᠠᠭᠤᠯᠭᠠᠵᠤ ᠬᠤᠶᠠᠷ ᠢ ᠪᠠᠶᠢᠴᠠᠭᠠᠬᠤ︾ ᠪᠠᠶᠢᠴᠠᠭᠠᠯᠲᠠ ᠬᠢᠪᠡ᠃ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠲᠤᠬᠠᠢ ᠶᠢᠨ ᠲᠠᠯᠠᠪᠠᠶ ᠵᠢᠴᠢ ᠡᠯ᠎ᠡ ᠲᠥᠷᠥᠯ ᠤᠨ ᠲᠠᠪᠴᠠᠩ ᠤᠨ ᠴᠠᠯᠢᠩ ᠥᠷᠢᠲᠦᠭᠰᠡᠨ ᠰᠦᠪᠡᠭᠴᠢ ᠶᠢ ᠨᠡᠶᠢᠲᠡ 100 ᠭᠠᠷᠤᠢ ᠭᠥᠯᠢᠶᠡᠨ ᠠᠪᠴᠤ᠂ ᠬᠦᠴᠦᠨ ᠪᠦᠬᠦᠢ ᠰᠦᠪᠡᠭᠴᠢ ᠶᠢ ᠬᠢᠨᠠᠨ ᠬᠠᠷᠭᠤᠭᠤᠯᠬᠤ ᠪᠠᠷ ᠳᠡᠮᠵᠢᠨ᠂ ᠨᠡᠶᠢᠲᠡ 400 ᠭᠠᠷᠤᠢ ᠬᠥᠯᠥᠰᠦᠨ ᠠᠵᠢᠯᠴᠢᠨ ᠳᠤ 900 ᠭᠠᠷᠤᠢ ᠲᠦᠮᠡᠨ ᠲᠥᠭᠦᠷᠢᠭ ᠤᠨ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠥᠭᠪᠡ᠃      ᠬᠤᠶᠠᠷ ᠲᠤ ᠤᠬᠠᠭᠤᠯᠤᠨ ᠲᠠᠶᠢᠴᠢᠯᠠᠵᠦ᠂ ︽ᠪᠦᠰᠡᠯᠡᠯᠲᠡ ᠶᠢᠨ ᠪᠠᠶᠢᠳᠠᠯ︾᠎ ᠢ ᠪᠤᠢ ᠪᠣᠯᠭᠠᠪᠠ᠃ ᠬᠠᠤᠯᠢ ᠴᠠᠭᠠᠵᠠ ᠶᠢᠨ ᠤᠬᠠᠭᠤᠯᠭ᠎ᠠ ᠶᠢ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠦᠢᠯᠡᠳᠪᠦᠷᠢ ᠶᠢᠨ ᠲᠠᠰᠤᠭ ᠲᠤ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠠ ᠬᠥᠯᠥᠰᠦᠨ ᠠᠵᠢᠯᠴᠢᠨ ᠳᠤ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠰᠠᠨᠠᠭᠠᠴᠢᠯᠠᠭ᠎ᠠ ᠠᠴᠠ ᠪᠠᠨ ᠤᠬᠠᠭᠤᠯᠤᠨ ᠲᠠᠶᠢᠯᠪᠤᠷᠢᠯᠠᠵᠤ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠠ ᠬᠥᠯᠥᠰᠦᠨ ᠠᠵᠢᠯᠴᠢᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠥᠪᠡᠷ ᠤᠨ ᠡᠷᠬᠡ ᠪᠠ ᠡᠭᠦᠷᠭᠡ ᠪᠠᠨ ᠤᠶᠢᠯᠠᠭᠠᠭᠤᠯᠤᠨ᠎ᠠ᠃ 2023 ᠣᠨ ᠤ 11 ᠰᠠᠷ᠎ᠠ ᠠᠴᠠ ᠨᠠᠰᠢ᠂ 200 ᠰᠢᠬᠠᠮ ᠬᠥᠯᠥᠰᠦᠨ ᠠᠵᠢᠯᠴᠢᠨ ᠳᠤ ᠬᠥᠳᠡᠯᠮᠦᠷᠢ ᠎ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠬᠤᠯᠪᠣᠭᠳᠠᠯ ᠪᠦᠬᠦᠢ ᠤᠬᠠᠭᠤᠯᠭ᠎ᠠ ᠶᠢᠨ ᠮᠠᠲ᠋ᠧᠷᠢᠶᠠᠯ᠂ ᠭᠠᠷ ᠳᠡᠪᠲᠡᠷ ᠢ 3500 ᠬᠤᠪᠢ ᠲᠡᠷᠬᠠᠭᠠᠪᠠ᠃      ᠭᠤᠷᠪᠠ ᠳᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ︽ᠴᠠᠯᠢᠩ ᠥᠷᠢᠲᠦᠬᠦ ᠦᠭᠡᠢ︾ ᠪᠠᠶᠢᠬᠤ ᠶᠢ ᠪᠠᠲᠤᠯᠠᠨ᠎ᠠ᠃ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ᠂ ᠬᠠᠤᠯᠢ  ᠴᠠᠭᠠᠵᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠥᠯᠥᠰᠦᠨ ᠠᠵᠢᠯᠴᠢᠨ ᠤ ᠴᠠᠯᠢᠩ ᠢ ᠮᠠᠭᠤ ᠰᠠᠨᠠᠭ᠎ᠠ ᠲᠠᠢ ᠪᠠᠷ ᠥᠷᠢᠲᠦᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠣᠬᠢᠯᠲᠠ ᠥᠭᠪᠡ᠃ ᠣᠲᠣ ᠪᠣᠯᠲᠠᠯ᠎ᠠ᠂ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢᠭᠡᠨᠲᠡ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤ ᠪᠠᠷ 3 ᠤᠳᠠᠭᠠᠨ ᠤ ᠴᠠᠯᠢᠩ ᠥᠷᠢᠲᠦᠭᠰᠡᠨ ᠬᠡᠷᠡᠭ ᠢ ᠰᠢᠢᠳᠪᠦᠷᠢᠯᠡᠨ᠂ 300 ᠭᠠᠷᠤᠢ ᠬᠥᠯᠥᠰᠦᠨ ᠠᠵᠢᠯᠴᠢᠨ ᠳᠤ 700 ᠭᠠᠷᠤᠢ ᠲᠦᠮᠡᠨ ᠲᠥᠭᠦᠷᠢᠭ ᠤᠨ ᠴᠠᠯᠢᠩ ᠥᠷᠢᠲᠦᠵᠦ ᠪᠠᠶᠢᠭ᠎ᠠ ᠪᠠᠶᠢᠳᠠᠯ ᠢ ᠨᠡᠬᠡᠮᠵᠢᠯᠡᠨ ᠠᠪᠴᠢᠷᠠᠵᠤ ᠥᠭᠴᠡᠢ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ