ᠨᠢᠩᠴᠧᠩ ᠰᠢᠶᠠᠨ ᠴᠠᠭᠠᠨ ᠰᠠᠷ᠎ᠠ ᠠᠴᠠ ᠡᠮᠦᠨᠡᠬᠢ ᠢᠳᠡᠭᠡᠨ ᠤ ᠵᠦᠢᠯ ᠤᠨ ᠭᠦᠢᠯᠭᠡᠭᠡᠨ ᠤ ᠬᠦᠷᠢᠶᠡᠨ ᠳᠠᠬᠢ ᠲᠤᠰᠬᠠᠢ ᠵᠦᠢᠯ ᠤᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/24
      ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠠᠷᠢᠶᠠᠲᠤ ᠣᠷᠣᠨ ᠤ ᠢᠳᠡᠭᠡᠨ ᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠢ ᠢᠳᠡᠭᠡᠨ ᠤ ᠭᠦᠢᠯᠭᠡᠭᠡᠨ ᠤ ᠬᠦᠷᠢᠶᠡᠨ ᠳᠠᠬᠢ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠬᠠᠷᠢᠶᠠᠲᠤ ᠣᠷᠣᠨ ᠤ ᠠᠷᠠᠳ ᠣᠯᠠᠨ ᠤ ᠠᠮᠤᠷ ᠠᠮᠤᠭᠤᠯᠠᠩ᠂ ᠥᠯᠵᠡᠢ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃      ᠲᠤᠰ ᠤᠳᠠᠭᠠᠨ ᠤ ᠪᠠᠶᠢᠴᠠᠭᠠᠯᠲᠠ ᠳᠤ᠂ ᠢᠳᠡᠭᠡᠨ ᠤ ᠪᠣᠷᠤᠯᠠᠭᠤᠯᠭ᠎ᠠ ᠶᠢᠨ ᠭᠤᠣᠯᠳᠠᠯᠭ᠎ᠠ  ᠲᠠᠢ ᠲᠥᠷᠥᠯ ᠵᠦᠢᠯ ᠢ ᠬᠢᠨᠠᠨ ᠬᠠᠮᠢᠶᠠᠷᠬᠤ ᠬᠡᠪᠴᠢᠶ᠎ᠡ ᠵᠢᠴᠢ ᠪᠣᠷᠤᠯᠠᠭᠤᠯᠭ᠎ᠠ ᠶᠢᠨ ᠭᠤᠣᠯᠳᠠᠯᠭ᠎ᠠ  ᠲᠠᠢ ᠣᠷᠣᠨ ᠪᠦᠰᠡ ᠶᠢ ᠲᠣᠳᠣᠷᠬᠠᠶᠢᠯᠠᠵᠤ᠂ ᠢᠳᠡᠭᠡᠨ ᠤ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠬᠢᠷᠢ ᠬᠡᠮ ᠤᠨ ᠭᠡᠷᠡᠴᠢ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠭᠦᠬᠡᠢ ᠮᠢᠬᠠᠨ ᠤ ᠲᠥᠷᠥᠯ ᠳᠤ ᠵᠣᠬᠢᠬᠤ ᠪᠦᠯᠦᠭ ᠤᠳᠠᠭ᠎ᠠ ᠶᠢᠨ ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ᠂ ᠰᠤᠯᠠ ᠪᠣᠭᠤᠳᠠᠯᠯᠠᠭᠰᠠᠨ ᠢᠳᠡᠭᠡᠨ ᠤ ᠱᠣᠰᠢᠭ᠎ᠠ ᠲᠡᠮᠳᠡᠭ ᠲᠤ ᠲᠣᠳᠣᠷᠬᠠᠶᠢᠯᠠᠯᠲᠠ ᠬᠠᠳᠠᠬᠤ ᠵᠢᠷᠤᠮᠵᠢᠯ᠂ ᠬᠤᠳᠠᠯ ᠬᠠᠭᠤᠷᠮᠠᠭ ᠴᠢᠨᠠᠷ ᠮᠠᠭᠤ ᠪᠤᠶᠤ ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ ᠪᠣᠷᠣᠯᠠᠭᠤᠯᠤᠭᠰᠠᠨ ᠵᠡᠷᠭᠡ ᠪᠠᠶᠢᠳᠠᠯ ᠲᠠᠢ ᠪᠠᠶᠢᠬᠤ ᠶᠢ ᠴᠢᠩᠭ᠎ᠠ ᠪᠠᠶᠢᠴᠠᠭᠠᠪᠠ᠃ ᠡᠭᠦᠨ ᠤ ᠬᠠᠮᠲᠤ᠂ ᠡᠵᠡᠩᠨᠡᠭᠴᠢᠳ ᠢ ᠰᠢᠮᠳᠠᠭᠤᠯᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠢᠳᠡᠭᠡᠨ ᠤ ᠪᠠᠷᠠᠭ᠎ᠠ ᠣᠷᠣᠭᠤᠯᠬᠤ ᠪᠣᠭᠤᠮᠲᠠ᠂ ᠬᠠᠳᠠᠭᠠᠯᠠᠬᠤ ᠪᠣᠭᠤᠮᠲᠠ᠂ ᠪᠣᠷᠣᠯᠠᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠡᠷᠡᠰ ᠲᠣᠭᠲᠠᠪᠤᠷᠢᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ᠣᠲᠣ ᠪᠣᠯᠲᠠᠯ᠎ᠠ  ᠢᠳᠡᠭᠡᠨ ᠤ ᠵᠦᠢᠯ ᠤᠨ ᠡᠵᠡᠩᠨᠡᠯᠲᠡ ᠶᠢᠨ 259 ᠡᠷᠦᠬᠡ᠂ ᠲᠣᠮᠣ ᠬᠡᠯᠪᠡᠷᠢ ᠶᠢᠨ 21 ᠬᠡᠲᠦ ᠳᠡᠯᠭᠡᠭᠦᠷ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠶᠢᠨ 7  ᠵᠠᠬ᠎ᠠ ᠳᠡᠯᠭᠡᠭᠦᠷ ᠢ ᠪᠠᠶᠢᠴᠠᠭᠠᠵᠤ᠂ 15 ᠡᠷᠦᠬᠡ ᠭᠡᠷᠡᠴᠢ ᠪᠠᠷᠢᠮᠲᠠ ᠠᠪᠬᠤ ᠪᠠ ᠪᠢᠯᠧᠲ ᠠᠪᠬᠤ ᠨᠢ ᠪᠦᠷᠢᠨ ᠪᠤᠰᠤ ᠠᠰᠠᠭᠤᠳᠠᠯ ᠲᠠᠢ ᠪᠠᠶᠢᠬᠤ ᠶᠢ ᠣᠯᠵᠤ ᠮᠡᠳᠡᠭᠰᠡᠨ ᠪᠥᠭᠡᠳ ᠵᠠᠷᠯᠢᠭᠳᠠᠵᠤ ᠪᠠᠶᠢᠭᠠᠳ  ᠵᠠᠯᠠᠷᠠᠭᠤᠯᠪᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠵᠦᠢᠯ ᠤᠨ ᠭᠦᠢᠯᠭᠡᠭᠡᠨ ᠤ ᠬᠦᠷᠢᠶᠡᠨ ᠳᠠᠬᠢ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠢᠳᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠦᠷᠭᠦᠯᠵᠢᠯᠡᠨ ᠴᠢᠩᠭ᠎ᠠ ᠠᠩᠬᠠᠷᠴᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠬᠦ ᠪᠠᠷ ᠬᠠᠷᠠᠯᠲᠠ ᠪᠣᠯᠭᠠᠨ᠂ ᠬᠢᠨᠠᠯᠲᠠ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠲᠤ ᠪᠠᠬᠢ ᠪᠠᠶᠢᠭᠤᠯᠵᠤ᠂ ᠠᠷᠠᠳ ᠣᠯᠠᠨ ᠤ ᠪᠠᠶᠠᠷ ᠬᠥᠷ ᠲᠠᠢ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠪᠠᠶᠠᠷ ᠤᠨ ᠡᠳᠦᠷ ᠢ ᠥᠩᠭᠡᠷᠡᠭᠦᠯᠬᠦ ᠶᠢ ᠬᠠᠮᠠᠭᠠᠯᠠᠨ᠎ᠠ᠃ 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ