| ᠨᠢᠩᠴᠧᠩ ᠰᠢᠶᠠᠨ ︽ᠬᠢᠨᠠᠨ ᠬᠡᠮᠵᠢᠬᠦ ᠲᠠᠪᠴᠠᠩ + ᠣᠶ ᠰᠢᠭᠤᠢ ᠶᠢᠨ ᠭᠠᠯ ᠲᠦᠢᠮᠡᠷ ᠤᠨ ᠰᠢᠰᠲ᠋ᠧᠮ ᠤᠨ ᠤᠷᠢᠳᠴᠢᠯᠠᠨ ᠰᠡᠷᠡᠮᠵᠢᠯᠡᠭᠦᠯᠬᠦ + ᠣᠶ | ᠰᠢᠭᠤᠢ ᠶᠢᠨ ᠳᠠᠷᠤᠭ᠎ᠠ + ᠣᠶ ᠬᠠᠮᠠᠭᠠᠯᠠᠭᠴᠢ︾ ᠶᠢᠨ ᠣᠶ ᠰᠢᠭᠤᠢ ᠶᠢ ᠬᠠᠮᠠᠭᠠᠯᠠᠨ ᠭᠠᠯ ᠰᠡᠷᠭᠡᠶᠢᠯᠡᠬᠦ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ᠳᠠᠭᠠᠭᠤᠯᠢ | ᠣᠳᠣᠨ ᠤ ᠠᠯᠤᠰ ᠰᠡᠷᠡᠯ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠣᠶ ᠰᠢᠭᠤᠢ ᠶᠢᠨ ᠭᠠᠯ ᠲᠦᠢᠮᠡᠷ ᠤᠨ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠬᠢᠭᠡᠳ ᠣᠶᠤᠨᠴᠢ ᠬᠢᠨᠠᠨ ᠬᠡᠮᠵᠢᠬᠦ ᠲᠠᠪᠴᠠᠩ ᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ | ᠲᠣᠥᠷᠵᠢᠭᠤᠯᠤᠯᠲᠠ ᠪᠠᠷ ᠭᠠᠷᠳᠠᠬᠤ ᠴᠡᠭ ᠪᠣᠯᠭᠠᠨ᠂ ᠥᠨᠳᠥᠷ ᠣᠭᠲᠠᠷᠭᠤᠢ ᠶᠢᠨ ᠥᠷᠲᠡᠭᠡᠨ ᠤ ᠬᠠᠶ᠋ᠢᠭ ᠤᠨ ᠡᠬᠢ ᠪᠠᠶᠠᠯᠢᠭ ᠪᠠ ᠥᠨᠳᠥᠷ ᠣᠭᠲᠠᠷᠭᠤᠢ ᠶᠢᠨ | ᠪᠠᠷᠠᠯᠠᠬᠤ ᠲᠥᠬᠦᠭᠡᠷᠦᠮᠵᠢ ᠶᠢ ᠠᠰᠢᠭᠯᠠᠨ᠂ GIS ᠤᠨ ᠭᠠᠵᠠᠷ ᠤᠨ ᠵᠢᠷᠤᠭ᠂ ᠭᠠᠯ ᠲᠦᠢᠮᠡᠷ ᠤᠨ ᠪᠠᠶᠢᠳᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠵᠢᠴᠢ | ᠰᠢᠢᠳᠪᠦᠷᠢᠲᠦ ᠪᠣᠳᠣᠯᠭ᠎ᠠ ᠶᠢᠨ ᠵᠢᠯᠣᠭᠤᠳᠤᠯᠭ᠎ᠠ ᠵᠡᠷᠭᠡ ᠬᠡᠰᠡᠭ ᠲᠠᠢ ᠬᠠᠮᠵᠢᠯᠴᠠᠨ᠂ ᠣᠶᠤᠨᠴᠢᠯᠠᠭᠰᠠᠨ ᠬᠢᠨᠠᠨ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ 24 | ᠴᠠᠭ ᠲᠤ 360 ᠭᠷᠡᠳᠦ᠋ᠰ ᠲᠤᠬᠠᠢ ᠶᠢᠨ ᠴᠠᠭ ᠤᠨ ᠪᠣᠳᠠᠲᠤ ᠦᠵᠡᠮᠵᠢ ᠪᠠᠷ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠢᠯᠴᠢ ᠶᠢᠨ ᠳᠦᠷᠰᠦ | ᠪᠦᠲᠦᠭᠡᠯᠲᠡ ᠶᠢ ᠬᠠᠶᠢᠨ ᠬᠡᠮᠵᠢᠬᠦ ᠮᠡᠷᠭᠡᠵᠢᠯ ᠬᠢᠭᠡᠳ Al ᠣᠶᠤᠨᠲᠤ ᠬᠤᠸᠠᠷ ᠫᠤᠤᠵᠢᠩ ᠢ ᠵᠠᠳᠠᠯᠤᠨ ᠢᠯᠭᠠᠨ ᠲᠠᠨᠢᠬᠤ ᠠᠷᠭ᠎ᠠ ᠪᠠᠷᠢᠯ ᠢ ᠠᠰᠢᠭᠯᠠᠨ᠂ ᠰᠢᠰᠲ᠋ᠧᠮ ᠢ | ᠲᠣᠬᠢᠷᠠᠭᠤᠯᠤᠨ ᠭᠠᠯ ᠤᠨ ᠪᠠᠶᠢᠳᠠᠯ ᠢ ᠠᠦ᠋ᠲ᠋ᠣ᠋ ᠢᠯᠭᠠᠨ ᠲᠠᠨᠢᠵᠤ᠂ ᠠᠦ᠋ᠲ᠋ᠣ᠋ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ᠂ ᠭᠠᠯ ᠤᠨ ᠪᠠᠶᠢᠳᠠᠯ ᠡᠭᠦᠰᠪᠡᠯ᠂ | ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠵᠢᠯᠤᠭᠤᠳᠬᠤ ᠲᠥᠪ ᠠᠴᠠ ᠭᠠᠯ ᠤᠨ ᠢᠷᠡᠯᠲᠡ ᠶᠢ ᠦᠳᠲᠡᠷ ᠲᠦᠷᠭᠡᠨ ᠲᠣᠭᠲᠠᠭᠠᠬᠤ ᠶᠢ ᠦᠨᠡᠨᠬᠦ | ᠪᠠᠲᠤᠯᠠᠨ᠎ᠠ᠃ 2023 ᠣᠨ ᠳᠤ᠂ 491 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠣᠷᠣᠭᠤᠯᠵᠤ᠂ ᠣᠶ ᠰᠢᠭᠤᠢ ᠶᠢᠨ ᠲᠦᠢᠮᠡᠷ ᠤᠨ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢ 6 ᠢᠵᠢ᠂ ᠲᠣᠮᠣ ᠬᠡᠯᠪᠡᠷᠢ ᠶᠢᠨ ᠴᠢᠭ᠋ ᠲᠣᠭᠲᠠᠭᠠᠭᠰᠠᠨ ᠰᠡᠭᠦᠳᠡᠷᠯᠡᠬᠦ ᠮᠠᠰᠢᠨ ᠢ 6 ᠪᠠᠶᠢᠭᠤᠯᠵᠤ᠂ ᠪᠥᠬᠦ ᠣᠷᠣᠨ | ᠪᠦᠰᠡ ᠶᠢᠨ ᠳᠣᠲᠣᠷᠠᠬᠢ ᠭᠤᠣᠯᠳᠠᠯᠭ᠎ᠠ ᠲᠠᠢ ᠣᠶ ᠰᠢᠭᠤᠢ ᠶᠢᠨ ᠭᠠᠯ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠭᠠᠵᠠᠷ ᠳᠡᠭᠡᠷᠡᠬᠢ ᠲᠣᠭᠤᠷᠢᠨ ᠬᠠᠮᠠᠭᠠᠯᠠᠯᠲᠠ ᠶᠢ | 100% ᠪᠠᠷ ᠪᠡᠶᠡᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ︽ᠬᠥᠮᠥᠨ ᠢᠶᠠᠷ ᠰᠡᠷᠭᠡᠶᠢᠯᠡᠬᠦ︾ ᠠᠴᠠ ︽ᠮᠡᠷᠭᠡᠵᠢᠯ ᠢᠶᠠᠷ | ᠰᠡᠷᠭᠡᠶᠢᠯᠡᠬᠦ᠂ ᠣᠶᠤᠨ ᠢᠶᠠᠷ ᠰᠡᠷᠭᠡᠶᠢᠯᠡᠬᠦ︾ ᠬᠦᠷᠲᠡᠯ᠎ᠡ ᠲᠦᠯᠬᠢᠨ ᠠᠬᠢᠭᠤᠯᠤᠨ᠎ᠠ᠃ | | | |