| | | ᠤᠢᠢᠷ᠎ᠠ ᠶᠢᠨ ᠬᠤᠭᠤᠴᠠᠭᠠᠨ ᠳᠤ᠂ ᠰᠦᠩᠱᠠᠨ ᠲᠣᠭᠤᠷᠢᠭ ᠤᠨ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠲᠠᠷᠢᠶᠠᠯᠠᠩ ᠳᠤ ᠦᠢᠯᠡᠴᠢᠯᠡᠬᠦ ᠲᠠᠪᠴᠠᠩ ᠳ᠋ᠠᠢ ᠹᠦ᠋ | ᠶᠢᠩᠽᠢ᠂ ᠭᠠᠩᠽᠢ᠂ ᠴᠢᠳᠬᠤᠯᠠᠩ ᠵᠡᠷᠭᠡ ᠰᠢᠶᠠᠩ ᠪᠠᠯᠭᠠᠰᠤᠨ ᠤ ᠠᠷᠠᠳ ᠲᠤ ᠦᠢᠯᠡᠴᠢᠯᠡᠬᠦ ᠺᠣᠮᠫᠠᠨᠢ ᠲᠠᠢ ᠬᠠᠮᠲᠤᠷᠠᠵᠤ᠂ ᠲᠤᠬᠠᠢ ᠶᠢᠨ ᠭᠠᠵᠠᠷ ᠤᠨ ᠲᠠᠷᠢᠶᠠᠴᠢᠨ | ᠡᠷᠦᠬᠡ ᠳᠤ ᠴᠠᠭᠠᠨ ᠰᠠᠷ᠎ᠠ ᠶᠢᠨ ᠬᠤᠭᠤᠴᠠᠭᠠᠨ ᠳᠤ ᠬᠡᠷᠡᠭᠰᠡᠬᠦ ᠠᠮᠢᠳᠤᠷᠠᠯ ᠤᠨ ᠡᠳ᠋ ᠪᠣᠳᠠᠰ ᠢ ᠲᠥᠪᠯᠡᠷᠡᠭᠦᠯᠦᠨ ᠬᠤᠳᠠᠯᠳᠤᠨ᠂ ᠤᠯᠠᠨ ᠲᠦᠮᠡᠨ ᠤ ᠬᠡᠷᠡᠭᠴᠡᠭᠡ ᠶᠢ | ᠬᠠᠩᠭᠠᠵᠤ ᠪᠠᠶᠢᠨ᠎ᠠ᠃ | ᠣᠶᠢᠯᠠᠭᠠᠭᠰᠠᠨ ᠢᠶᠠᠷ᠂ ᠳ᠋ᠠᠢ ᠹᠦ᠋ ᠶᠢᠩᠽᠢ ᠰᠢᠶᠠᠩ ᠤᠨ ᠲᠠᠷᠢᠶᠠᠯᠠᠩ ᠳᠤ ᠦᠢᠯᠡᠴᠢᠯᠡᠬᠦ ᠺᠣᠮᠫᠠᠨᠢ ᠨᠢ ᠪᠦᠬᠦ ᠰᠢᠶᠠᠩ ᠤᠨ 21 ᠲᠣᠰᠬᠤᠨ ᠤ ᠬᠤᠪᠢ | ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠶᠢ ᠺᠣᠮᠫᠠᠨᠢ ᠶᠢᠨ ᠬᠤᠪᠢ ᠣᠷᠣᠭᠤᠯᠤᠭᠴᠢ ᠪᠣᠯᠭᠠᠵᠤ᠂ ᠲᠤᠰᠬᠠᠶᠢᠵᠢᠭᠰᠠᠨ ᠡᠵᠡᠩᠨᠡᠯᠲᠡ ᠶᠢᠨ ᠪᠦᠯᠬᠦᠮ ᠢ | ᠪᠠᠶᠢᠭᠤᠯᠵᠤ᠂ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠲᠥᠪᠯᠡᠷᠡᠭᠦᠯᠦᠨ ᠬᠠᠩᠭᠠᠨ ᠪᠣᠷᠣᠯᠠᠭᠤᠯᠬᠤ ᠳᠠᠪᠠᠭᠤᠯᠢᠭ ᠢ | ᠪᠦᠷᠢᠯᠳᠦᠭᠦᠯᠪᠡ᠃ | ᠴᠢᠳᠬᠤᠯᠠᠩ ᠪᠠᠯᠭᠠᠰᠤ ᠤᠬ ᠰᠠᠨᠠᠭ᠎ᠠ ᠨᠢ ᠠᠷᠠᠳ ᠲᠤ ᠦᠢᠯᠡᠴᠢᠯᠡᠬᠦ ᠺᠣᠮᠫᠠᠨᠢ ᠪᠠᠶᠢᠭᠤᠯᠵᠤ᠂ ᠲᠣᠰᠬᠤᠨ ᠤ ᠳᠡᠰ ᠤᠨ ᠰᠦᠯᠵᠢᠶᠡᠨ ᠤ ᠳᠠᠷᠤᠭ᠎ᠠ᠂ | ᠳᠤᠭᠤᠶᠢᠯᠠᠩ ᠤᠨ ᠳᠡᠰ ᠤᠨ ᠰᠦᠯᠵᠢᠶᠡᠨ ᠤ ᠠᠵᠢᠯᠳᠠᠨ᠂ ᠺᠣᠮᠫᠠᠨᠢ ᠶᠢᠨ ᠲᠤᠬᠠᠶᠢᠯᠠᠭᠰᠠᠨ ᠠᠵᠢᠯᠳᠠᠨ ᠤ ᠭᠤᠷᠪᠠᠨ ᠳᠡᠰ ᠤᠨ ᠦᠢᠯᠡᠴᠢᠯᠡᠭᠡᠨ ᠤ ᠰᠦᠯᠵᠢᠶ᠎ᠡ ᠶᠢ | ᠪᠠᠶᠢᠭᠤᠯᠬᠤ ᠪᠠᠷ ᠳᠠᠮᠵᠢᠭᠤᠯᠵᠤ᠂ ᠲᠠᠷᠢᠶᠠᠴᠢᠨ ᠡᠷᠦᠬᠡ ᠳᠤ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠢ ᠲᠥᠪᠯᠡᠷᠡᠭᠦᠯᠦᠨ ᠬᠤᠳᠠᠯᠳᠤᠨ᠂ ᠲᠤᠬᠢᠷᠠᠭᠤᠯᠤᠨ | ᠬᠦᠷᠭᠡᠵᠦ ᠦᠭᠪᠡ᠃ | ᠪᠦᠷᠢᠳᠬᠡᠯ ᠢ ᠦᠨᠳᠦᠰᠦᠯᠡᠪᠡᠯ᠂ ᠰᠦᠩᠱᠠᠨ ᠲᠣᠭᠤᠷᠢᠭ ᠤᠨ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠲᠠᠷᠢᠶᠠᠯᠠᠩ ᠳᠤ ᠦᠢᠯᠡᠴᠢᠯᠡᠬᠦ ᠲᠠᠪᠴᠠᠩ ᠨᠢ ᠰᠢᠶᠠᠩ | ᠪᠠᠯᠭᠠᠰᠤᠨ ᠤ ᠠᠷᠠᠳ ᠲᠤ ᠦᠢᠯᠡᠴᠢᠯᠡᠬᠦ ᠺᠣᠮᠫᠠᠨᠢ ᠲᠠᠢ ᠢᠳᠡᠪᠬᠢᠲᠡᠢ ᠬᠠᠷᠢᠯᠴᠠᠵᠤ᠂ 1 ᠰᠠᠷ᠎ᠠ ᠶᠢᠨ 8 ᠤ ᠡᠳᠦᠷ ᠠᠴᠠ ᠡᠬᠢᠯᠡᠨ᠂ 30 ᠭᠠᠷᠤᠢ ᠲᠦᠮᠡᠨ | ᠲᠥᠭᠦᠷᠢᠭ ᠤᠨ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠢ 13 ᠰᠢᠶᠠᠩ ᠪᠠᠯᠭᠠᠰᠤᠨ ᠤ 140 ᠭᠠᠷᠤᠢ ᠲᠣᠰᠬᠤᠨ ᠤ ᠠᠷᠠᠳ ᠤᠨ ᠳᠤᠭᠤᠶᠢᠯᠠᠩ ᠳᠤ | ᠬᠦᠷᠭᠡᠪᠡ᠃ | |