| ︽ᠬᠤᠶᠠᠷ ᠪᠠᠶᠠᠷ︾ ᠤᠨ ᠬᠤᠭᠤᠴᠠᠭᠠᠨ ᠳᠤ᠂ ᠢᠳᠡᠰᠢᠨ ᠨᠣᠭᠤᠭ᠎ᠠ ᠶᠢᠨ ᠠᠮᠤᠷ ᠲᠦᠪᠰᠢᠨ ᠢ ᠪᠠᠲᠤᠯᠠᠵᠤ᠂ ᠬᠤᠲᠠ ᠶᠢᠨ ᠠᠷᠠᠳ ᠤᠨ ᠰᠠᠨᠠᠭ᠎ᠠ ᠠᠮᠤᠷ | ᠢᠳᠡᠰᠢᠨ ᠨᠣᠭᠤᠭ᠎ᠠ ᠢᠳᠡᠬᠦ ᠶᠢ ᠪᠠᠲᠤᠯᠠᠬᠤ ᠶᠢᠨ ᠲᠥᠯᠥᠭᠡ᠂ ᠨᠢᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠷᠢᠶᠠᠯᠠᠩ ᠤᠨ | ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠨᠡᠶᠢᠲᠡ 169 ᠬᠤᠪᠢ ᠥᠯᠢᠭᠡᠷ ᠡᠳ᠋ ᠢ ᠰᠤᠭᠤᠴᠢᠨ ᠪᠠᠶᠢᠴᠠᠭᠠᠵᠤ᠂ 167 ᠬᠤᠪᠢ | ᠰᠢᠯᠭᠠᠨ ᠪᠠᠶᠢᠴᠠᠭᠠᠵᠤ ᠬᠢᠷᠢ ᠲᠡᠩᠴᠡᠵᠦ᠂ 2 ᠬᠤᠪᠢ ᠬᠢᠷᠢ ᠲᠡᠩᠴᠡᠭᠰᠡᠨ ᠦᠭᠡᠢ᠂ ᠬᠢᠷᠢ ᠲᠡᠩᠴᠡᠭᠰᠡᠨ ᠨᠣᠷᠮ᠎ᠠ 99% ᠳᠤ ᠬᠦᠷᠴᠡᠢ᠃ | ᠰᠣᠩᠭᠤᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠲᠤᠬᠠᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠪᠠᠨ ᠲᠤᠬᠠᠢ ᠶᠢᠨ ᠬᠥᠮᠥᠨ ᠳᠤ ᠬᠦᠷᠭᠡᠪᠡ᠃ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠶᠢ ᠨᠢ ᠴᠠᠭ ᠲᠤᠬᠠᠢ ᠳᠤᠨᠢ ᠵᠠᠯᠠᠷᠠᠭᠤᠯᠵᠤ᠂ ᠬᠢᠷᠢ ᠲᠡᠩᠴᠡᠬᠦ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ | ᠣᠷᠣᠭᠤᠯᠵᠤ ᠪᠣᠷᠣᠯᠠᠭᠤᠯᠬᠤ ᠦᠭᠡᠢ ᠪᠠᠶᠢᠬᠤ ᠶᠢᠨ ᠵᠡᠷᠭᠡᠴᠡᠭᠡᠪᠡᠷ ᠰᠢᠳᠬᠡᠬᠦ ᠪᠠ ᠰᠤᠷᠭᠠᠨ ᠬᠥᠮᠥᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠬᠤ ᠶᠢᠨ ᠬᠠᠮᠲᠤ ᠴᠠᠭ | ᠲᠤᠬᠠᠢ ᠳᠤᠨᠢ ᠨᠡᠶᠢᠭᠡᠮ ᠳᠤ ᠨᠡᠶᠢᠲᠡᠯᠡᠵᠦ᠂ ᠪᠤᠰᠤᠳ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠵᠡᠩᠨᠡᠭᠴᠢᠳ ᠤᠨ ᠤᠬᠠᠮᠰᠠᠷ ᠠᠴᠠ ᠪᠠᠨ ᠬᠠᠤᠯᠢ ᠶᠢ | ᠰᠠᠬᠢᠬᠤ ᠶᠢ ᠰᠡᠷᠡᠮᠵᠢᠯᠡᠭᠦᠯᠪᠡ᠃ ᠲᠤᠰ ᠤᠳᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠢ ᠪᠠᠶᠢᠴᠠᠭᠠᠨ ᠰᠢᠯᠭᠠᠵᠤ ᠰᠣᠩᠭᠤᠨ ᠪᠠᠶᠢᠴᠠᠭᠠᠬᠤ ᠠᠵᠢᠯ ᠳᠤ ︽ᠨᠢᠭᠡ ᠶᠢ ᠨᠢ | ᠰᠢᠢᠳᠪᠦᠷᠢᠯᠡᠵᠦ᠂ ᠨᠢᠭᠡ ᠪᠦᠯᠦᠭ ᠢ ᠨᠢ ᠬᠥᠮᠥᠵᠢᠭᠦᠯᠵᠦ᠂ ᠨᠢᠭᠡ ᠪᠦᠯᠦᠭ ᠢ ᠨᠢ ᠰᠡᠷᠡᠮᠵᠢᠯᠡᠭᠦᠯᠬᠦ︾ ᠪᠠᠷ ᠠᠷᠭ᠎ᠠ ᠪᠠᠷᠢᠯ ᠪᠣᠯᠭᠠᠵᠤ᠂ ᠴᠡᠭ ᠢᠶᠠᠷ ᠨᠡᠶᠢᠳᠡᠮ ᠢ ᠲᠠᠶᠢᠴᠢᠯᠠᠨ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠪᠠᠲᠤᠯᠠᠨ᠎ᠠ᠃ | | | |