ᠠᠮᠢ ᠠᠬᠤᠢ ᠣᠷᠴᠢᠨ ᠲᠣᠭᠤᠷᠢᠨ ᠤ ᠶᠠᠮᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠠᠢ ᠰᠠᠨᠠᠮᠵᠢ ᠶᠢᠨ ᠪᠢᠴᠢᠭ ᠲᠤ ᠭᠠᠷ ᠤᠨ ᠦᠰᠦᠭ  ᠵᠢᠷᠤᠵᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠠᠪᠤᠨ ᠲᠠᠯ᠎ᠠ ᠪᠠᠷ ᠳᠡᠮᠵᠢᠪᠡ
ᠨᠡᠶᠢᠲᠡᠯᠡᠭᠰᠡᠨ ᠴᠠᠭ᠄
2024/1/25
       1 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠪᠠ︶᠎ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ ᠠᠮᠢ ᠠᠬᠤᠢ ᠣᠷᠴᠢᠨ ᠲᠣᠭᠤᠷᠢᠨ ᠤ ᠶᠠᠮᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠋ ᠲᠠᠢ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠤᠨ ᠨᠥᠬᠦᠪᠦᠷᠢᠯᠡᠬᠦ ᠵᠦᠢᠯᠡᠰ ᠤᠨ ᠰᠠᠨᠠᠮᠵᠢ ᠶᠢᠨ ᠪᠢᠴᠢᠭ︾ ︵ᠳᠣᠷᠣᠭᠰᠢ ︽ᠰᠠᠨᠠᠮᠵᠢ ᠶᠢᠨ ᠪᠢᠴᠢᠭ︾ ᠭᠡᠵᠦ ᠲᠣᠪᠴᠢᠯᠠᠪᠠ︶᠎ ᠲᠤ ᠭᠠᠷ ᠤᠨ ᠥᠰᠥᠭ ᠵᠢᠷᠤᠭᠰᠠᠨ ᠪᠥᠭᠡᠳ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠲᠥᠷᠥ ᠶᠢᠨ ᠪᠣᠳᠣᠯᠭ᠎ᠠ᠂ ᠲᠥᠰᠥᠯ᠂ ᠮᠡᠷᠭᠡᠵᠢᠯ ᠵᠡᠷᠭᠡ ᠶᠢᠨ ᠳᠡᠮᠵᠢᠯᠭᠡ ᠪᠠᠨ ᠡᠷᠴᠢᠮᠵᠢᠭᠦᠯᠬᠦ ᠪᠠᠷ ᠳᠠᠮᠵᠢᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠪᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ ᠠᠬᠢᠭᠤᠯᠬᠤ ᠪᠠᠷ ᠪᠠᠶᠢᠨ᠎ᠠ᠃      ᠣᠶᠢᠯᠠᠭᠠᠭᠰᠠᠨ ᠢᠶᠠᠷ᠂ ᠠᠮᠢ ᠠᠬᠤᠢ ᠣᠷᠴᠢᠨ ᠲᠣᠭᠤᠷᠢᠨ ᠤ ᠶᠠᠮᠤᠨ 2021 ᠣᠨ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠠᠢ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾᠎ ᠲᠤ ᠭᠠᠷ ᠤᠨ ᠥᠰᠥᠭ ᠵᠢᠷᠤᠵᠠᠢ᠃ ᠲᠤᠰ ᠤᠳᠠᠭ᠎ᠠ ︽ᠰᠠᠨᠠᠮᠵᠢ ᠶᠢᠨ ᠪᠢᠴᠢᠭ︾᠎ ᠲᠤ ᠭᠠᠷ ᠤᠨ ᠦᠰᠦᠭ ᠵᠢᠷᠤᠭᠰᠠᠨ᠋ ᠨᠢ ᠤᠤᠯ ᠤᠨ ᠰᠠᠭᠤᠷᠢᠨ ᠳᠡᠭᠡᠷ᠎ᠡ᠂ ᠬᠠᠮᠲᠤᠷᠠᠯᠴᠠᠭᠠᠨ ᠤ ᠬᠦᠷᠢᠶ᠎ᠡ ᠶᠢ ᠤᠯᠠᠮ ᠥᠷᠭᠡᠳᠬᠡᠨ᠂ ︽ᠴᠥᠯᠵᠢᠯᠲᠡ ᠶᠢ ᠶᠡᠷᠦᠩᠬᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠬᠤ︾ ︽ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠥᠷᠨᠢᠭᠦᠯᠬᠦ︾ ︽ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢ ᠠᠬᠢᠭᠤᠯᠬᠤ︾ ︽︿ᠬᠤᠶᠠᠷ ᠰᠠᠭᠤᠷᠢᠨ﹀᠎ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ︾ ᠪᠠ ︽ᠤᠯᠤᠰ ᠤᠨ ᠳᠣᠲᠣᠭᠠᠳᠤ ᠭᠠᠳᠠᠭᠠᠳᠤ ᠶᠢᠨ ᠠᠮᠢ ᠠᠬᠤᠢ ᠣᠷᠴᠢᠨ ᠲᠣᠭᠤᠷᠢᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ︾ ᠲᠠᠪᠤᠨ ᠲᠠᠯ᠎ᠠ ᠪᠠᠷ ᠥᠪᠥᠷ ᠮᠣᠩᠭᠤᠯ ᠤᠨ ᠠᠵᠢᠯ ᠢ ᠳᠡᠮᠵᠢᠬᠦ ᠪᠠᠨ ᠲᠣᠳᠣᠷᠬᠠᠶᠢᠯᠠᠵᠠᠢ᠃      ︽ᠰᠢᠨ᠎ᠡ ᠪᠠᠷ ᠨᠡᠮᠡᠭᠰᠡᠨ ᠬᠠᠮᠲᠤᠷᠠᠯᠴᠠᠭᠠᠨ ᠤ ᠵᠦᠢᠯᠡᠰ ᠢ ᠪᠣᠯ ᠣᠳᠣᠬᠠᠨ ᠤ ᠮᠠᠨ ᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠴᠢᠩᠭᠠᠳᠬᠠᠬᠤ ᠪᠠ ᠰᠠᠶᠢᠵᠢᠷᠠᠭᠤᠯᠬᠤ ᠴᠢᠬᠤᠯᠠᠲᠠᠢ ᠭᠤᠣᠯᠳᠠᠯᠭᠠᠲᠤ ᠬᠦᠴᠢᠷ ᠠᠰᠠᠭᠤᠳᠠᠯ ᠤᠳ ᠲᠠᠢ ᠨᠢᠭᠲᠠ ᠤᠶᠠᠯᠳᠤᠭᠤᠯᠤᠨ ᠪᠠᠶᠢᠵᠤ ᠲᠥᠯᠥᠪᠯᠡᠭᠰᠡᠨ ᠶᠤᠮ᠂ ᠡᠨᠡ ᠨᠢ ᠶᠡᠷᠦᠩᠬᠡᠢ ᠱᠦᠵᠢ ᠰᠢ ᠶᠢᠨ ᠫᠢᠩ ᠤᠨ 2023 ᠣᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠬᠢᠭᠡᠳ ︽ᠰᠠᠨᠠᠯ︾᠎ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠢᠴᠡᠳ ᠢᠯᠡᠷᠡᠭᠦᠯᠦᠭᠰᠡᠨ ᠪᠥᠭᠡᠳ ᠴᠢᠩᠭ᠎ᠠ ᠴᠢᠭᠯᠡᠯᠲᠦ ᠴᠢᠨᠠᠷ᠂ ᠥᠨᠳᠥᠷ ᠦᠨ᠎ᠡ ᠴᠡᠨ᠎ᠡ ᠲᠠᠢ ᠪᠠᠶᠢᠳᠠᠭ᠃ ᠢᠯᠠᠩᠭᠤᠶ᠎ᠠ ᠮᠠᠨ ᠤ ᠣᠷᠣᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢ ᠦᠷᠭᠦᠯᠵᠢᠯᠡᠨ ᠳᠡᠮᠵᠢᠬᠦ ᠶᠢᠨ ᠬᠠᠮᠲᠤ᠂ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠬᠢ ᠶᠢᠨ ᠰᠣᠷᠪᠤᠯᠵᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠳᠡᠮᠵᠢᠬᠦ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠠᠮᠢ ᠠᠬᠤᠢ ᠣᠷᠴᠢᠨ ᠲᠣᠭᠤᠷᠢᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠲᠠᠯ᠎ᠠ ᠪᠠᠷ ᠴᠢᠨᠠᠭᠰᠢᠳᠠ ᠠᠯᠢ ᠤᠯᠠᠨ ᠪᠣᠳᠠᠲᠠᠢ ᠶᠢ ᠡᠷᠬᠢᠮᠯᠡᠭᠰᠡᠨ ᠲᠤᠰᠠᠲᠠᠢ ᠠᠷᠭ᠎ᠠ ᠶᠢ ᠳᠤᠷᠠᠳᠤᠨ ᠭᠠᠷᠭᠠᠭᠰᠠᠨ ᠨᠢ ᠮᠠᠨ ᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠡᠩ ᠰᠠᠶᠢᠲᠤᠷ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠴᠢᠬᠤᠯᠠ ᠠᠴᠢ ᠬᠤᠯᠪᠣᠭᠳᠠᠯ ᠲᠠᠢ ᠶᠤᠮ᠃ ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠮᠢ ᠠᠬᠤᠢ ᠣᠷᠴᠢᠨ ᠲᠣᠭᠤᠷᠢᠨ ᠤ ᠶᠠᠮᠤᠨ  ᠯᠤᠭ᠎ᠠ ᠶᠢᠨ ᠠᠵᠢᠯ ᠤᠨ ᠵᠣᠯᠭᠠᠯᠴᠠᠭ᠎ᠠ ᠪᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠂ ︽ᠰᠠᠨᠠᠮᠵᠢ ᠶᠢᠨ ᠪᠢᠴᠢᠭ︾᠎ ᠲᠤ ᠲᠣᠭᠲᠠᠭᠠᠭᠰᠠᠨ ᠬᠠᠮᠲᠤᠷᠠᠯᠴᠠᠭᠠᠨ ᠤ ᠵᠦᠢᠯᠡᠰ ᠢ ᠵᠦᠢᠯ ᠳᠠᠷᠠᠭᠠᠯᠠᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠨᠡᠩ ᠤᠯᠠᠨ ᠪᠠᠲᠤᠯᠠᠭ᠎ᠠ ᠬᠠᠩᠭᠠᠵᠤ᠂ ᠨᠡᠩ ᠤᠯᠠᠨ ᠬᠥᠳᠡᠯᠭᠡᠬᠦ ᠬᠦᠴᠦᠨ ᠨᠡᠮᠡᠷᠢᠯᠡᠬᠦ ᠪᠠᠷ ᠴᠢᠷᠮᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠶᠡᠷᠦᠩᠬᠡᠢ ᠢᠨᠵᠧᠨᠧᠷ ᠸᠧᠢ ᠾᠧ ᠵᠠᠩ ᠬᠡᠯᠡᠯ᠎ᠡ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ